ᠮᠣᠬᠤᠷ ᠭᠤᠣᠯ ᠪᠠᠯᠭᠠᠰᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠢᠯᠵᠠᠷᠠᠯ ᠪᠣᠯᠣᠨ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/7/26
    ᠣᠶᠢᠷ᠎ᠠ ᠳᠤ᠂ ᠮᠣᠬᠤᠷ ᠭᠤᠣᠯ ᠪᠠᠯᠭᠠᠰᠤ 2023 ᠣᠨ ᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠯᠢᠪᠠ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠵᠠᠯᠠᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠦᠴᠢᠷᠳᠡᠯᠲᠡᠢ ᠤᠯᠠᠨ ᠲᠦᠮᠡᠨ ᠤ ᠳᠡᠷᠭᠡᠳᠡ ᠡᠭᠦᠰᠬᠦ ᠢᠯᠵᠠᠷᠠᠯ ᠪᠠ ᠰᠤᠷᠲᠠᠯ ᠤᠨ ᠠᠰᠠᠭᠤᠳᠠᠯ ᠢ ᠦᠨᠡᠨ ᠬᠦ ᠴᠡᠭᠴᠡᠯᠡᠨ ᠵᠠᠰᠠᠨ ᠰᠡᠷᠭᠡᠶᠢᠯᠡᠪᠡ᠃    ᠬᠤᠷᠠᠯ ᠳᠡᠭᠡᠷ᠎ᠡ ︽2023 ᠣᠨ ᠤ ᠪᠥᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠤᠨ ᠭᠤᠣᠯᠳᠠᠯᠭ᠎ᠠ ︾᠎ ᠶᠢ ᠤᠯᠠᠮᠵᠢᠯᠠᠨ ᠰᠤᠷᠤᠯᠴᠠᠭᠰᠠᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠳ᠋ᠦᠩᠨᠡᠨ ᠵᠠᠷᠯᠠᠨ ᠮᠡᠳᠡᠭᠳᠡᠪᠡ᠃    ᠬᠤᠷᠠᠯ ᠠᠴᠠ ᠂ ᠣᠳᠣᠬᠠᠨ ᠤ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ ᠂ ᠱᠠᠮᠰᠢᠨ ᠡᠵᠡᠯᠡᠬᠦ ᠂ ᠦᠯᠡᠳᠡᠭᠡᠨ ᠠᠪᠴᠤ ᠰᠢᠯᠵᠢᠭᠦᠯᠥᠨ ᠬᠡᠷᠡᠭᠯᠡᠬᠦ ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠂ ᠢᠳᠡᠬᠦ ᠡᠵᠡᠯᠡᠬᠦ ᠭᠠᠴᠢᠬᠤ ᠠᠪᠬᠤ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠤᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠥᠨᠡᠨ ᠬᠦ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠪᠠᠰᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠵᠠᠬ᠎ᠠ ᠬᠢᠵᠠᠭᠠᠷ ᠤᠨ ᠡᠷᠦᠬᠡ ᠵᠢᠴᠢ ᠶᠠᠳᠠᠭᠤ ᠬᠦᠴᠢᠷᠳᠡᠯᠲᠡᠢ ᠡᠷᠦᠬᠡ ᠂ ᠶᠠᠳᠠᠭᠤ ᠬᠦᠴᠢᠷᠳᠡᠯᠲᠡᠢ ᠬᠡᠦᠬᠡᠳ ᠢ ᠪᠠᠶᠢᠴᠠᠭᠠᠨ ᠭᠠᠷᠭᠠᠬᠤ ᠠᠵᠢᠯ ᠳᠤ ᠲᠣᠬᠢᠷᠠᠭᠤᠯᠤᠯᠲᠠ ᠬᠢᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢ ᠪᠡᠶᠡᠯᠡᠭᠦᠯᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠎ ᠶᠢᠨ ᠲᠥᠯᠥᠭᠡ ᠰᠠᠭᠤᠷᠢ ᠶᠢ ᠪᠠᠲᠤᠳᠬᠠᠨ ᠬᠦᠴᠦ ᠶᠢ ᠲᠥᠪᠯᠡᠷᠡᠭᠦᠯᠵᠦ ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠣᠨᠤᠪᠴᠢᠲᠠᠢ ᠰᠠᠬᠢᠵᠤ᠂ ᠰᠠᠶᠢᠲᠤᠷ ᠰᠠᠬᠢᠬᠤ ᠶᠢ ᠥᠨᠡᠨ ᠬᠦ ᠪᠠᠲᠤᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1