ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠦᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠰᠦᠯᠵᠢᠶᠡᠨ ᠤ ᠠᠮᠤᠷ ᠲᠥᠪᠰᠢᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/26
   
1_副本.jpg
       ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠲᠣᠭᠤᠷᠢᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠬᠡᠷᠡᠭᠯᠡᠬᠦ ᠨᠢᠭᠡᠴᠢ ᠶᠢᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠣᠭᠤᠷᠢᠭ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠪᠥᠬᠦ ᠲᠣᠭᠤᠷᠢᠭ ᠤᠨ ᠡᠯ᠎ᠡ ᠪᠠᠯᠭᠠᠰᠤ ᠰᠢᠶᠠᠩ ᠵᠡᠭᠡᠯᠢ ᠵᠢᠴᠢ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃    ᠲᠣᠭᠤᠷᠢᠭ ᠤᠨ ᠵᠠᠰᠠᠭ ᠤᠨ ᠶᠠᠪᠤᠳᠠᠯ ᠤᠨ ᠲᠣᠪᠴᠢᠶ᠎ᠠ ᠵᠤᠷᠪᠤᠰ ᠳᠠᠷᠠᠭᠠᠯᠠᠨ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠪᠢ ᠣᠯᠬᠤ ᠴᠡᠭ ᠵᠢᠴᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶᠡᠨ ᠤ ᠠᠮᠤᠷ ᠲᠦᠪᠰᠢᠨ ᠬᠡᠷᠡᠭᠯᠡᠯᠲᠡ ᠳᠤ ᠪᠣᠯᠪᠠᠰᠤᠷᠠᠭᠤᠯᠤᠯ ᠬᠢᠪᠡ ᠃ ᠪᠣᠯᠪᠠᠰᠤᠷᠠᠭᠤᠯᠤᠯ ᠤᠨ ᠠᠭᠤᠯᠭ᠎ᠠ ᠳᠤ᠄ 2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠯ ᠤᠨ ᠡᠴᠦᠰ ᠤᠨ ᠬᠢᠨᠠᠨ ᠰᠢᠯᠭᠠᠬᠤ ᠪᠠᠷᠢᠮᠵᠢᠶ᠎ᠠ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶᠡᠨ ᠤ ᠬᠡᠷᠡᠭᠯᠡᠯᠲᠡ ᠶᠢᠨ ᠠᠩᠬᠠᠷᠬᠤ ᠵᠦᠢᠯᠡᠰ ᠤᠨ ᠪᠣᠳᠠᠲᠤ ᠵᠢᠱᠢᠶ᠎ᠡ ᠶᠢᠨ ᠲᠠᠶᠢᠯᠤᠮᠵᠢ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶᠡᠨ ᠤ ᠵᠢᠷᠤᠮᠵᠢᠭᠰᠠᠨ ᠬᠠᠮᠢᠶᠠᠷᠤᠯᠲᠠ ᠪᠠᠭᠲᠠᠨ᠎ᠠ ᠃ ᠡᠭᠦᠨ ᠤ ᠵᠡᠷᠭᠡ ᠳᠤ ᠲᠣᠭᠤᠷᠢᠭ ᠤᠨ ᠨᠢᠭᠤᠴᠠ ᠶᠢ ᠬᠠᠮᠠᠭᠠᠯᠠᠬᠤ ᠲᠣᠪᠴᠢᠶᠠᠨ ᠤ ᠨᠥᠬᠦᠷ ᠢ ᠣᠨᠴᠠᠭᠠᠶᠢᠯᠠᠨ ᠤᠷᠢᠵᠤ ᠰᠦᠯᠵᠢᠶᠡᠨ ᠤ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠮᠡᠳᠡᠯᠭᠡ ᠶᠢᠨ ᠲᠤᠬᠠᠢ ᠨᠠᠷᠢᠨ ᠲᠠᠶᠢᠯᠤᠮᠵᠢ ᠬᠢᠯᠭᠡᠵᠡᠢ᠃ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠯᠠᠪᠲᠠᠶᠢᠶ᠎ᠠ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠵᠠᠯᠭᠠᠵᠤ ᠣᠷᠤᠭᠤᠯᠤᠭᠰᠠᠨ ᠨᠢᠭᠡᠴᠢ ᠶᠢᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠵᠢᠷᠤᠮᠵᠢᠭᠤᠨ ᠪᠥᠭᠡᠳ ᠲᠣᠭᠲᠠᠭᠤᠨ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ ᠵᠥᠪ ᠣᠨᠤᠪᠴᠢᠲᠠᠢ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠪᠤᠢ ᠪᠤᠯᠭᠠᠬᠤ ᠪᠣᠯᠤᠨ᠎ᠠ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1