ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠥ ᠶᠢᠨ ᠪᠠᠶᠢᠭᠤᠯᠤᠯᠲᠠ ᠶᠢ ᠴᠢᠩᠭᠠᠳᠬᠠᠬᠤ︾ ᠦᠨᠳᠦᠰᠦᠨ ᠱᠠᠲᠤᠨ ᠤ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/27
    7 ᠰᠠᠷ᠎ᠠ ᠶᠢᠨ 25᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠢᠩ ᠰᠢᠶᠣᠣ ᠢᠦᠢ ᠠᠵᠤ ᠠᠬᠤᠢ ᠶᠢᠨ ᠡᠲᠡᠭᠡᠳ ᠤᠨ ᠭᠡᠰᠢᠭᠦᠳ ᠤᠨ ᠠᠵᠢᠯᠯᠠᠬᠤ ᠲᠠᠰᠤᠭ ᠲᠤ ︽ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠥ ᠶᠢᠨ ᠪᠠᠶᠢᠭᠤᠯᠤᠯᠲᠠ ᠶᠢ ᠴᠢᠩᠭᠠᠳᠬᠠᠬᠤ︾ ᠦᠨᠳᠦᠰᠦᠨ ᠱᠠᠲᠤᠨ ᠤ ᠵᠥᠪᠯᠡᠬᠦ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ  ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠡᠰᠡᠭ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠪᠠ᠃
1_副本.jpg
       ᠬᠤᠷᠠᠯ ᠳᠡᠭᠡᠷ᠎ᠡ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ︽ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠥ ᠶᠢᠨ ᠪᠠᠶᠢᠭᠤᠯᠤᠯᠲᠠ ᠶᠢ ᠴᠢᠩᠭᠠᠳᠬᠠᠬᠤ ︾ ᠵᠥᠪᠯᠡᠬᠦ ᠰᠡᠳᠦᠪ ᠤᠨ ᠲᠣᠭᠤᠷᠢᠨ ᠳᠤ ᠂ ᠲᠣᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ ᠪᠠᠷᠢᠮᠵᠢᠶᠠᠵᠢᠭᠤᠯᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠬᠤ ᠵᠡᠷᠭᠡ ᠰᠠᠨᠠᠯ ᠰᠠᠨᠠᠭᠤᠯᠭ᠎ᠠ ᠳᠤᠷᠠᠳᠪᠠ ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠬᠠᠷᠢᠭᠤᠯᠲᠠ ᠲᠣᠳᠣᠷᠬᠠᠶᠢᠯᠠᠯᠲᠠ ᠬᠢᠪᠡ᠃    ᠳ᠋ᠢᠩ ᠰᠢᠶᠣᠣ ᠢᠦᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠥ ᠶᠢᠨ ᠪᠠᠶᠢᠭᠤᠯᠤᠯᠲᠠ ᠶᠢᠨ ᠬᠦᠴᠦᠨ ᠢ ᠲᠥᠪᠯᠡᠷᠡᠭᠦᠯᠦᠨ᠂ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ︔ ᠲᠠᠷᠢᠶᠠᠯᠠᠩ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠬᠦ ᠶᠢ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠥ ᠶᠢ ᠪᠣᠶᠢᠵᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠰᠢᠰᠲ᠋ᠧᠮᠵᠢ ᠪᠠ ᠨᠠᠷᠠᠲᠤ ᠲᠥᠷᠥᠯ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠪᠠᠷᠢᠮᠵᠢᠶᠠᠨ ᠤ ᠰᠢᠰᠲ᠋ᠧᠮᠵᠢ ᠶᠢ ᠣᠯᠡᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠳ ᠨᠠᠷᠠᠲᠤ ᠲᠥᠷᠥᠯ ᠲᠡᠮᠳᠡᠭᠲᠥ ᠶᠢᠨ ᠶᠠᠰᠤ ᠴᠢᠨᠠᠷ ᠢ ᠴᠢᠬᠤᠯᠠᠴᠢᠯᠠᠵᠤ᠂ ᠨᠠᠷᠠᠲᠤ ᠲᠥᠷᠥᠯ ᠲᠡᠮᠳᠡᠭᠲᠥ ᠶᠢᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠨ᠂ ᠮᠡᠷᠭᠡᠵᠢᠯ ᠤᠨ ᠣᠷᠣᠭᠤᠯᠤᠯᠲᠠ ᠪᠠ ᠭᠦᠨᠵᠡᠭᠡᠢ ᠡᠳ᠋ᠰᠢᠭᠦᠯᠬᠦ ᠴᠢᠳᠠᠪᠤᠷᠢ ᠪᠠᠨ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠥ ᠶᠢᠨ ᠰᠣᠶᠣᠯ ᠤᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ︔ ᠥᠷᠭᠡᠨ ᠳᠡᠯᠭᠡᠷᠡᠩᠭᠦᠢ ᠪᠠᠷ ᠤᠬᠠᠭᠤᠯᠤᠨ ᠬᠥᠲᠥᠯᠥᠨ ᠵᠢᠯᠤᠭᠤᠳᠴᠤ᠂ ᠴᠢᠨᠠᠷ ᠰᠠᠶᠢᠲᠠᠢ ᠨᠠᠷᠠᠲᠤ ᠲᠥᠷᠥᠯ ᠲᠡᠮᠳᠡᠭᠲᠥ ᠶᠢ ᠶᠡᠬᠡᠪᠡᠷ ᠲᠠᠨᠢᠯᠴᠠᠭᠤᠯᠵᠤ᠂ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠲᠣᠰ ᠭᠠᠵᠠᠷ ᠣᠷᠣᠨ ᠤ ᠪᠣᠷᠤᠯᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1