ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 73 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/28
   
1_副本.jpg
       7 ᠰᠠᠷ᠎ᠠ ᠶᠢᠨ 25᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ 73 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ ᠂ ᠬᠠᠨ ᠶᠠᠨ ᠵᠢᠶᠦ᠋ᠨ ᠂ ᠯᠤᠸᠠᠨ ᠶᠦᠨ ᠾᠧ ᠂ ᠯᠢ ᡁᠢ ᠭᠠᠩ ᠂ ᠵᠠᠩ ᠯᠢ ᠲᠤᠤ ᠬᠤᠷᠠᠯ ᠳᠤ ᠣᠷᠣᠯᠴᠠᠪᠠ ᠃ ᠲᠣᠭᠤᠷᠢᠭ ᠤᠨ ᠤᠳᠤᠷᠢᠳᠤᠯᠭ᠎ᠠ ᠸᠠᠩ ᠵᠧᠨ ᠯᠢᠶᠠᠩ ᠂ ᠶᠢᠨ ᠮᠢᠩ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ︽ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠲᠤᠬᠠᠢ ᠮᠡᠳᠡᠭᠦᠯᠦᠯᠲᠡ ︵ ᠬᠦᠷᠭᠡᠨ ᠬᠢᠨᠠᠭᠤᠯᠬᠤ ᠨᠣᠣᠷᠠᠭ ︶ ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ︿ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ﹀﹀᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ ︵ ᠬᠦᠷᠭᠡᠨ ᠬᠢᠨᠠᠭᠤᠯᠬᠤ ᠨᠣᠣᠷᠠᠭ ︶ ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ ︔ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦᠳᠠ ᠬᠤᠷᠠᠯ ᠢ ᠪᠡᠯᠡᠳᠬᠡᠭᠰᠡᠨ ᠪᠠᠶᠢᠳᠠᠯ ᠂ ᠶᠤᠸᠠᠨ ᠪᠦᠦ ᠱᠠᠨ ᠲᠣᠭᠤᠷᠢᠭ ᠤᠨ ᠭᠡᠷ ᠳᠣᠲᠣᠷᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ 79310 ᠡᠷᠦᠭᠡ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠂ ᠶᠤᠸᠠᠨ ᠪᠦᠦ ᠱᠠᠨ ᠲᠣᠭᠤᠷᠢᠭ ᠤᠨ ︽ ᠡᠪᠦᠯ ᠤᠨ ᠠᠰᠠᠭᠤᠳᠠᠯ ᠢ ᠵᠤᠨ ᠰᠢᠢᠳᠪᠥᠷᠢᠯᠡᠬᠦ︾ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ᠬᠤᠷᠠᠯ ᠠᠴᠠ ᠂ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦᠳᠡ ᠬᠤᠷᠠᠯ ᠪᠣᠯ ᠨᠢᠭᠡ ᠤᠳᠠᠭᠠᠨ ᠤ ᠪᠦᠬᠦ ᠲᠠᠯ᠎ᠠ ᠶᠢᠨ ᠴᠢᠨᠠᠷᠲᠠᠢ ᠠᠴᠢ ᠬᠤᠯᠪᠣᠭᠳᠠᠯ ᠲᠠᠢ ᠴᠢᠬᠤᠯᠠ ᠬᠤᠷᠠᠯ ᠪᠣᠯᠣᠨ᠎ᠠ ᠂ ᠬᠤᠷᠠᠯ ᠤᠨ ᠶᠠᠪᠤᠳᠠᠯ ᠤᠨ ᠳᠤᠭᠤᠶᠢᠯᠠᠩ ᠤᠨ ᠎ ᠬᠢᠨ ᠡᠯ᠎ᠡ ᠬᠤᠯᠪᠣᠭᠳᠠᠯ ᠪᠦᠬᠦᠢ ᠨᠢᠭᠡᠴᠢ ᠲᠠᠢ ᠬᠠᠮᠵᠢᠯᠴᠠᠨ ᠡᠯ᠎ᠡ ᠭᠤᠭᠴᠤᠭ᠎ᠠ ᠠᠯᠬᠤᠮ ᠳᠠᠷᠠᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ ᠂ ᠡᠯ᠎ᠡ ᠵᠦᠢᠯ ᠤᠨ ᠪᠡᠯᠡᠳᠬᠡᠯ ᠠᠵᠢᠯ ᠪᠣᠯᠣᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠰᠠᠶᠢᠨ ᠰᠠᠶᠢᠬᠠᠨ ᠬᠤᠷᠠᠯ ᠤᠨ ᠰᠤᠷᠲᠠᠯ ᠰᠠᠬᠢᠯᠭ᠎ᠠ ᠶᠢ ᠪᠠᠲᠤᠯᠠᠵᠤ ᠂ ᠲᠤᠰ ᠤᠳᠠᠭᠠᠨ ᠤ ᠪᠦᠬᠦᠳᠡ ᠬᠤᠷᠠᠯ ᠢ ᠦᠵᠡᠯ ᠰᠠᠨᠠᠭ᠎ᠠ ᠪᠠᠨ ᠨᠢᠭᠡᠳᠬᠡᠬᠦ ᠂ ᠢᠲᠡᠭᠡᠯ ᠵᠣᠷᠢᠭ ᠢ ᠬᠥᠪᠴᠢᠯᠡᠬᠦ ᠂ ᠬᠥᠭᠵᠢᠯᠲᠡ ᠶᠢ ᠵᠢᠯᠤᠭᠤᠳᠬᠤ ᠶᠡᠭᠡ ᠬᠤᠷᠠᠯ ᠪᠣᠯᠭᠠᠨ ᠬᠤᠷᠠᠯᠳᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ᠂ ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠎ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠡᠭᠦᠷᠭᠡ ᠶᠢᠨ ᠬᠠᠷᠠᠯᠲᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠠᠮᠤᠷ ᠲᠦᠪᠰᠢᠨ᠂ ᠤᠷᠤᠭᠰᠢᠲᠠᠢ ᠶᠠᠪᠤᠭᠳᠠᠬᠤ ᠶᠢ ᠥᠨᠡᠨ ᠬᠦ ᠪᠠᠲᠤᠯᠠᠬᠤ ᠬᠡᠷᠡᠭᠲᠡᠢ᠃ ︽ᠬᠦᠯᠢᠶᠡᠵᠦ ᠳᠡᠶᠢᠯᠬᠦ ᠦᠭᠡᠢ︾ ᠂ ︽ᠤᠳᠠᠭᠠᠨ ᠪᠠᠶᠢᠵᠤ ᠪᠣᠯᠬᠤ ᠦᠭᠡᠢ︾ ᠠᠵᠢᠯ ᠤᠨ ᠣᠪᠣᠷ ᠢᠶᠠᠷ ᠳᠠᠷᠤᠯᠲᠠ ᠥᠭᠴᠦ ᠬᠦᠴᠦᠯᠡᠨ ᠠᠬᠢᠭᠤᠯᠵᠤ᠂ ᠴᠠᠭ ᠤᠨ ᠳᠠᠷᠠᠭᠠᠯᠠᠯ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ ᠬᠠᠷᠠᠯᠲᠠ ᠡᠭᠦᠷᠭᠡ ᠪᠠᠨ ᠪᠡᠶᠡᠯᠡᠭᠦᠯᠵᠦ ᠂ ᠰᠠᠭᠤᠭᠠᠯᠢ ᠠᠷᠠᠳ ᠤᠨ ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠶᠢ ᠥᠭᠡᠷᠡᠴᠢᠯᠡᠬᠦ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠥᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ︽ ᠡᠪᠦᠯ ᠤᠨ ᠠᠰᠠᠭᠤᠳᠠᠯ ᠢ ᠵᠤᠨ ᠰᠢᠢᠳᠪᠥᠷᠢᠯᠡᠬᠦ︾ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠤᠨ ᠴᠢᠬᠤᠯᠠ ᠲᠦᠷᠦᠯ ᠵᠦᠢᠯ ᠪᠣᠯᠣᠨ᠎ᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ ᠂ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠃ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠂ ᠪᠡᠯᠡᠳᠬᠡᠮᠵᠢ ᠶᠢ ᠥᠭᠡᠷᠡᠴᠢᠯᠡᠨ ᠬᠠᠮᠠᠭᠠᠯᠠᠵᠤ ᠪᠣᠳᠠᠲᠠᠶᠢᠵᠢᠭᠤᠯᠤᠨ᠂ ᠢᠯᠴᠢ ᠬᠠᠩᠭᠠᠬᠤ ᠪᠡᠯᠡᠳᠬᠡᠯ ᠢ ᠯᠠᠪᠳᠠᠭᠤᠨ ᠪᠠᠲᠤᠲᠠᠢ ᠭᠦᠢᠴᠡᠳ ᠬᠢᠵᠦ᠂ ᠢᠯᠴᠢ ᠬᠠᠩᠭᠠᠬᠤ ᠠᠵᠢᠯᠯᠠᠭᠠᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠎ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠎ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1