ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/3
    6 ᠰᠠᠷ᠎ᠠ ᠶᠢᠨ 29 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ ᠂ ᠯᠢᠦ ᠱᠤᠸᠠᠩ ᠂ ᠯᠢ ᠽᠥᠩ ᠮᠧᠩ᠂ ᠫᠧᠩ ᠰᠢᠶᠣᠣ ᠵᠢᠤᠸᠠᠨ ᠂ ᠪᠦᠦ ᠶᠦᠨ ᠳ᠋ᠦᠩ ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ ᠃    ᠬᠤᠷᠠᠯ ᠠᠴᠠ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ ᠂ ᠠᠶᠤᠯᠭᠦᠢ ᠦᠢᠯᠡᠳᠪᠦᠷᠢᠯᠡᠯ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠ 2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ︔ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ︵ᠶᠠᠷᠢᠯᠴᠠᠬᠤ ᠨᠣᠣᠷᠠᠭ︶︾᠎ ᠢ ᠬᠢᠨᠠᠨ ᠵᠥᠪᠯᠡᠪᠡ︔ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃    ᠬᠤᠷᠠᠯ ᠠᠴᠠ ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠂ ᠲᠡᠷᠢᠭᠦᠨ ᠤ ᠲᠦᠪᠰᠢᠨ ᠎ ᠢᠶᠠᠷ ᠪᠠᠷᠢᠮᠵᠢᠶᠠᠯᠠᠵᠤ ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠃ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ ᠂ ᠠᠵᠢᠯ ᠤᠨ ᠭᠤᠣᠯᠳᠠᠯᠭ᠎ᠠ ᠪᠠ ᠠᠵᠤ ᠠᠬᠤᠶᠢᠯᠠᠯ ᠂ ᠤᠯᠠᠨ ᠲᠦᠮᠡᠨ ᠤ ᠪᠣᠳᠠᠲᠠᠢ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ︽ ᠶᠠᠪᠤᠳᠠᠯ ᠭᠥᠢᠴᠡᠳᠬᠡᠬᠦ ᠶᠢ ᠲᠥᠷᠭᠡᠪᠴᠢᠯᠡᠵᠦ ᠳᠡᠶᠢᠯᠳᠡᠭ ᠯᠡ ᠪᠣᠯ ᠲᠥᠷᠭᠡᠪᠴᠢᠯᠡᠵᠦ᠂ ᠥᠢᠯᠡᠴᠢᠯᠡᠭᠡ ᠶᠢ ᠰᠢᠯᠢᠳᠡᠭᠵᠢᠭᠦᠯᠵᠦ ᠳᠡᠶᠢᠯᠳᠡᠭ ᠯᠡ ᠪᠣᠯ ᠰᠢᠯᠢᠳᠡᠭᠵᠢᠭᠦᠯᠵᠦ᠂ ᠶᠠᠪᠤᠴᠠ ᠶᠢ ᠳᠥᠭᠦᠮᠴᠢᠯᠡᠵᠦ ᠳᠡᠶᠢᠯᠳᠡᠭ ᠯᠡ ᠪᠣᠯ ᠳᠥᠭᠦᠮᠴᠢᠯᠡᠵᠦ᠂ ᠭᠤᠭᠴᠤᠭ᠎ᠠ ᠶᠢ ᠴᠦᠬᠡᠳᠬᠡᠵᠦ ᠳᠡᠶᠢᠯᠳᠡᠭ ᠯᠡ ᠪᠣᠯ ᠴᠦᠬᠡᠳᠬᠡᠵᠦ︾ ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ᠬᠤᠷᠠᠯ ᠠᠴᠠ ᠂ ᠠᠶᠤᠯ ᠦᠭᠡᠢ ᠦᠢᠯᠡᠳᠪᠦᠷᠢᠯᠡᠯ ᠪᠣᠯ ᠬᠤᠷᠢᠭ᠎ᠠ ᠱᠤᠭᠤᠮ ᠤᠯᠠᠭᠠᠨ ᠱᠤᠭᠤᠮ ᠮᠥᠨ ᠂ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠂ ᠠᠵᠢᠯ ᠤᠨ ᠬᠠᠮᠲᠤᠷᠠᠯ ᠤᠨ ᠬᠦᠴᠦᠨ ᠢ ᠪᠥᠷᠢᠯᠳᠥᠭᠦᠯᠥᠨ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠂ ᠲᠠᠨᠢᠯᠲᠠ ᠪᠠᠨ ᠪᠠᠲᠤᠳᠬᠠᠵᠤ ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠬᠤ ᠶᠢ ᠥᠨᠡᠨ ᠬᠦ ᠪᠡᠶᠡᠯᠡᠭᠦᠯᠬᠦ ᠬᠡᠷᠡᠭᠲᠡᠢ ᠃ ᠥᠨᠳᠥᠷ ᠪᠠᠷᠢᠮᠵᠢᠶ᠎ᠠ ᠪᠠᠷ ᠲᠤᠰᠬᠠᠢ ᠮᠡᠷᠭᠡᠵᠢᠯᠲᠡᠨ ᠢ ᠤᠷᠢᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ ᠂ ᠲᠦᠷᠦᠯ ᠬᠤᠪᠢᠶᠠᠭᠰᠠᠨ ᠨᠠᠷᠢᠨ ᠬᠠᠭᠤᠳᠠᠰᠤ ᠶᠢᠨ ᠡᠬᠡ ᠲᠠᠩᠰᠠ ᠶᠢ ᠪᠠᠶᠢᠭᠤᠯᠵᠤ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠬᠠᠰᠤᠬᠤ ᠶᠢ ᠪᠠᠲᠤᠯᠠᠵᠤ ᠂ ᠪᠦᠬᠦ ᠲᠣᠭᠤᠷᠢᠭ ᠤᠨ ᠠᠶᠤᠯ ᠥᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠨᠢ ᠬᠥᠭᠵᠢᠯᠲᠡ ᠶᠢᠨ ᠶᠡᠭᠡ ᠲᠠᠯ᠎ᠠ ᠎ ᠲᠠᠢ ᠬᠤᠯᠪᠣᠭᠳᠠᠵᠤ᠂ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠵᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ︽ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ︾ ᠭᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ ᠂ ᠤᠰᠤ ᠂ ᠬᠡᠢ ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠢᠩᠭ᠎ᠠ ᠠᠩᠬᠠᠷᠴᠤ ᠂ ᠨᠣᠮᠧᠷ ᠢ ᠨᠢ ᠬᠠᠰᠤᠭᠰᠠᠨ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠵᠤ ᠂ ᠨᠠᠷᠢᠨ ᠬᠠᠭᠤᠳᠠᠰᠤ᠂ ᠡᠬᠡ ᠲᠠᠩᠰᠠ ᠎ ᠶᠢᠨ ᠬᠡᠯᠪᠡᠷᠢ ᠪᠠᠷ ᠠᠬᠢᠭᠤᠯᠬᠤ ᠬᠡᠷᠡᠭᠲᠡᠢ ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ︽ ᠡᠷᠬᠢᠨ ᠬᠠᠷᠠᠬᠤ ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠥᠨ᠂ ᠮᠠᠨ ᠤ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠤᠨ ᠨᠢᠭᠡ ᠎ ᠨᠢ ᠪᠣᠯᠣᠨ᠎ᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠨ᠂ ︽ ᠬᠡᠯᠪᠡᠷᠢᠲᠡᠢ ᠂ ᠲᠥᠷᠥᠭᠳᠡᠯ ᠲᠠᠢ ᠂ ᠪᠦᠲᠦᠮᠵᠢᠲᠡᠢ ︾ ᠠᠵᠢᠯ ᠤᠨ ᠱᠠᠭᠠᠷᠳᠠᠯᠭ᠎ᠠ ᠶᠣᠰᠣᠭᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠪᠠᠶᠢᠷᠢᠰᠢᠯ ᠢ ᠬᠦᠴᠦᠯᠡᠨ ᠴᠣᠭᠴᠠᠯᠠᠨ ᠪᠠᠶᠢᠭᠤᠯᠵᠤ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠬᠠᠥᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠨᠢ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠬᠢ ᠶᠢ ᠳᠡᠭᠡᠭᠰᠢᠯᠡᠭᠦᠯᠬᠦ ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠬᠤ ᠶᠢ ᠪᠠᠷᠢᠮᠲᠠᠯᠠᠵᠤ ᠂ ︽ ᠲᠤᠬᠠᠶᠢᠯᠠᠭᠰᠠᠨ ᠠᠵᠢᠯ ᠢ ᠴᠢᠬᠤᠯᠠᠴᠢᠯᠠᠨ ᠬᠠᠤᠯᠢ ᠪᠠᠷ ᠵᠠᠰᠠᠬᠤ ᠶᠢ ᠬᠥᠩᠭᠡᠪᠴᠢᠯᠡᠬᠦ ︾ ᠦᠵᠡᠯ ᠰᠠᠨᠠᠭ᠎ᠠ ᠶᠢ ᠲᠠᠶᠠᠭᠳᠠᠵᠤ ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠡᠩ ᠰᠠᠶᠢᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ ᠂ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠎ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1