ᠬᠤᠲᠠ ᠶᠢᠨ ᠨᠠᠮ ᠤᠨ ᠬᠤᠷᠢᠶᠠᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠪᠠᠳᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/7/31
    7 ᠰᠠᠷ᠎ᠠ ᠶᠢᠨ 28᠎ ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠴᠠ ᠨᠠᠷ ᠶᠤᠸᠠᠨ ᠪᠦᠦ ᠱᠠᠨ ᠲᠣᠭᠤᠷᠢᠭ ᠲᠤ ᠢᠷᠡᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠰᠢᠪᠠᠳᠠᠨ ᠵᠢᠯᠤᠭᠤᠳᠬᠤ ᠶᠢᠨ ᠬᠠᠮᠲᠤ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠬᠠᠢ ᠬᠠᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠶᠠᠨ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃
1_副本.jpg
       ᠬᠤᠷᠠᠯ ᠳᠡᠭᠡᠷ᠎ᠡ᠂ ᠯᠢᠦ ᠬᠠᠢ ᠬᠠᠢ᠂ ᠬᠠᠨ ᠶᠠᠨ ᠵᠢᠶᠦ᠋ᠨ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠶᠢᠨ ᠪᠠᠶᠢᠳᠠᠯ ᠤᠨ ᠲᠤᠬᠠᠢ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠮᠥᠷᠳᠡᠨ ᠰᠢᠪᠠᠳᠠᠬᠤ᠂ ᠬᠤᠷᠢᠶᠠᠩᠭᠤᠶᠢᠯᠠᠨ ᠵᠠᠳᠠᠯᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠲᠣᠰ ᠲᠣᠰ ᠬᠠᠷᠢᠭᠤ ᠮᠡᠳᠡᠭᠦᠯᠦᠯᠲᠡ ᠬᠢᠪᠡ᠃    ᠡᠯ᠎ᠡ ᠨᠢᠭᠡᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠷᠴᠠ ᠶᠤᠸᠠᠨ ᠪᠦᠦ ᠱᠠᠨ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠴᠠᠭᠳᠠᠨ ᠪᠠᠶᠢᠴᠠᠭᠠᠬᠤ ᠠᠵᠢᠯ ᠤᠨ ᠲᠤᠰᠬᠠᠢ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠠᠬᠢᠭᠤᠯᠵᠤ᠂ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ ᠠᠰᠠᠭᠤᠳᠠᠯ ᠪᠠ ᠬᠤᠰᠢᠭᠤ ᠰᠢᠶᠠᠨ ᠲᠣᠭᠤᠷᠢᠭ ᠲᠤ ᠨᠡᠶᠢᠳᠡᠮ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠥᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ︔ ᠬᠤᠶᠠᠷ ᠲᠤ ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠳᠦᠷ ᠳᠤᠳᠤᠮ ᠤᠨ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠬᠡᠷᠡᠭᠲᠡᠢ ︔ ᠭᠤᠷᠪᠠ ᠳᠤ ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠠᠰᠠᠭᠤᠳᠠᠯ ᠳᠤ ᠮᠥᠷᠳᠡᠨ ᠬᠢᠨᠠᠯᠲᠠ ᠲᠠᠯᠪᠢᠵᠤ ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠢ ᠶᠢᠨ ᠴᠢᠩᠭ᠎ᠠ ᠴᠡᠭᠴᠡᠯᠡᠨ ᠰᠠᠶᠢᠵᠢᠷᠠᠭᠤᠯᠬᠤ ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠂ ᠥᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠃    ᠳᠡᠭᠡᠷᠡᠬᠢ ᠱᠠᠭᠠᠷᠳᠠᠯᠭ᠎ᠠ ᠳᠤ ᠴᠢᠭᠯᠡᠭᠦᠯᠦᠨ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠤᠳᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠵᠢᠯᠤᠭᠤᠳᠬᠤ ᠰᠠᠨᠠᠯ ᠲᠠᠢ ᠬᠠᠷᠢᠴᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠬᠢᠨᠠᠯᠲᠠ ᠲᠠᠯᠪᠢᠬᠤ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ ᠂ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ ᠂ ᠭᠤᠣᠯᠳᠠᠯᠭ᠎ᠠ ᠶᠢᠨ ᠤᠳᠤᠷᠢᠳᠤᠮᠵᠢ ᠶᠢ ᠲᠣᠳᠣᠷᠬᠠᠶᠢᠯᠠᠵᠤ ᠂ ᠴᠠᠭᠳᠠᠨ ᠪᠠᠶᠢᠴᠠᠭᠠᠯᠲᠠ ᠶᠢᠨ ᠰᠡᠭᠦᠯ ᠤᠨ ᠬᠠᠭᠠᠰ ᠠᠵᠢᠯ ᠢ ᠥᠨᠡᠨ ᠬᠦ ᠰᠠᠶᠢᠲᠤᠷ ᠬᠢᠨ᠎ᠡ ᠭᠡᠵᠦ ᠢᠯᠡᠳᠬᠡᠪᠡ ᠃    ᠬᠤᠷᠠᠯ ᠤᠨ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠪᠠᠶᠢᠴᠠᠭᠠᠯᠲᠠ ᠶᠢᠨ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠭᠰᠠᠨ ᠠᠵᠢᠯ ᠤᠨ ᠬᠠᠷᠢᠭᠤ ᠲᠤᠰᠬᠠᠭᠰᠠᠨ ᠰᠠᠨᠠᠯ ᠢ ᠲᠠᠨᠢᠨ ᠬᠦᠯᠢᠶᠡᠵᠦ ᠴᠡᠭᠴᠡᠯᠡᠨ ᠰᠠᠶᠢᠵᠢᠷᠠᠭᠤᠯᠤᠭᠰᠠᠨ ︽ᠭᠤᠷᠪᠠᠨ ᠨᠠᠷᠢᠨ ᠲᠠᠩᠰᠠ︾᠎ ᠶᠢ ᠲᠣᠭᠲᠠᠭᠠᠭᠰᠠᠨ ᠪᠠᠶᠢᠳᠠᠯ ᠢ ᠰᠢᠪᠠᠳᠠᠨ ᠵᠢᠯᠤᠭᠤᠳᠬᠤ ᠶᠢᠨ ᠬᠠᠮᠲᠤ ᠫᠢᠩᠵᠤᠸᠠᠩ ᠪᠠᠯᠭᠠᠰᠤᠨ ᠳᠤ ᠭᠦᠨᠵᠡᠭᠡᠶᠢᠷᠡᠨ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠰᠢᠪᠠᠳᠠᠨ ᠪᠠᠶᠢᠴᠠᠭᠠᠯᠲᠠ ᠪᠠ ᠦᠨᠡᠯᠡᠯᠲᠡ ᠬᠢᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1