ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/31
    7 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ  ᠿᠥᠩ ᠶᠣᠣ ᠪᠥᠯᠬᠦᠮ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ ᠠᠵᠢᠯ ᠢ ᠪᠠᠶᠢᠴᠠᠭᠠᠨ ᠰᠣᠳᠤᠯᠪᠠ᠃ ᠤᠯᠠᠭᠠᠨᠬᠠᠳᠠ ᠬᠤᠳᠠ ᠶᠢᠨ ᠵᠠᠮ ᠬᠠᠷᠢᠯᠴᠠᠭ᠎ᠠ ᠲᠡᠭᠡᠭᠡᠪᠥᠷᠢ ᠶᠢᠨ ᠲᠣᠪᠴᠢᠶᠠᠨ ᠤ ᠳᠠᠷᠤᠭ᠎ᠠ ᠯᠢ ᠵᠠᠨ ᠵᠢᠶᠧ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠫᠧᠩ ᠰᠢᠶᠣᠣ ᠵᠢᠤᠸᠠᠨ ᠂ ᠮᠧᠩ ᠳ᠋ᠦᠩ ᠬᠥᠭᠵᠢᠯᠲᠡ ᠶᠢᠨ ᠪᠦᠯᠦᠭᠯᠡᠯ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠵᠠᠢ᠃
1_副本.jpg
       ᠮᠧᠩ ᠳ᠋ᠦᠩ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠡᠵᠡᠩᠨᠡᠯᠲᠡ᠂ ᠪᠠᠷᠠᠭᠠᠨ ᠤ ᠭᠦᠢᠯᠭᠡᠭᠡᠨ ᠤ ᠭᠠᠷᠠᠮ ᠤᠨ ᠶᠡᠷᠦᠩᠬᠡᠢ ᠲᠥᠯᠦᠪᠵᠢᠭᠦᠯᠭᠡ᠂ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠥᠷᠨᠢᠭᠦᠯᠦᠭᠰᠡᠨ ᠵᠡᠷᠭᠡ ᠪᠠᠶᠢᠳᠠᠯ ᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠳᠤ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠳᠡᠰ ᠳᠡᠪᠰᠢᠭᠦᠯᠬᠦ ᠬᠡᠷᠡᠭᠲᠡᠢ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠪᠣᠯ ᠳᠠᠷᠤᠢ ᠳᠡᠰ ᠳᠡᠪᠰᠢᠭᠦᠯᠬᠦ ᠴᠢᠬᠤᠯᠠ ᠠᠷᠭ᠎ᠠ ᠪᠠᠷᠢᠯ ᠮᠥᠨ᠃ ᠮᠧᠩ ᠳ᠋ᠦᠩ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ ᠂ ᠬᠠᠮᠢᠶᠠᠷᠤᠯᠲᠠ ᠶᠢᠨ ᠵᠠᠭᠪᠤᠷ ᠪᠠ ᠡᠵᠡᠩᠨᠡᠯᠲᠡ ᠶᠢᠨ ᠵᠠᠭᠪᠤᠷ ᠢ ᠭᠦᠨᠵᠡᠭᠡᠢ ᠰᠤᠳᠤᠯᠵᠤ᠂ ᠪᠠᠷᠠᠭᠠᠨ ᠤ ᠭᠦᠢᠯᠭᠡᠭᠡᠨ ᠤ ᠭᠠᠷᠠᠮ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ ᠭᠠᠳᠠᠷ ᠣᠷᠣᠨ ᠤ ᠲᠤᠷᠰᠢᠯᠭ᠎ᠠ ᠶᠢ ᠰᠤᠷᠤᠯᠴᠠᠨ ᠲᠣᠯᠢᠯᠠᠵᠤ ᠂ ᠰᠡᠳᠬᠢᠴᠡ ᠪᠠᠨ ᠤᠯᠠᠮ ᠨᠢᠭᠡ ᠠᠯᠬᠤᠮ ᠡᠮᠬᠢᠯᠡᠨ ᠲᠢᠭᠯᠡᠵᠦ ᠂ ᠭᠤᠣᠯᠳᠠᠯᠭ᠎ᠠ ᠪᠠᠨ ᠲᠣᠳᠣᠷᠬᠠᠶᠢᠯᠠᠵᠤ ᠂ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠶᠢ ᠡᠯ᠎ᠡ ᠭᠠᠵᠠᠷ ᠣᠷᠣᠨ ᠲᠡᠶᠢᠰᠢ ᠤᠷᠲᠤᠳᠬᠠᠬᠤ ᠶᠢ ᠵᠡᠷᠭᠡ ᠪᠠᠷ ᠰᠦᠪᠡᠭᠴᠢᠯᠡᠨ ᠠᠬᠢᠭᠤᠯᠵᠤ ᠂ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠂ ᠬᠠᠮᠵᠢᠯᠴᠠᠨ ᠬᠠᠮᠲᠤ ᠪᠠᠷ ᠡᠳ᠋ᠯᠡᠬᠦ ᠡᠳ᠋ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠎ ᠤᠳ ︽ ᠨᠢᠭᠡ ᠬᠥᠯᠭᠡ ᠰᠢᠲᠠᠷ᠎ᠠ ︾ ᠎ ᠶᠢᠨ ᠦᠵᠡᠯ ᠰᠠᠨᠠᠭ᠎ᠠ ᠶᠢ ᠪᠤᠢ ᠪᠣᠯᠭᠠᠵᠤ ᠂ ᠪᠠᠷᠠᠭᠠᠨ ᠤ ᠭᠦᠢᠯᠭᠡᠭᠡᠨ ᠤ ᠭᠠᠷᠠᠮ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠣᠬᠢᠴᠠᠩᠭᠤᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ ᠂ ᠳᠣᠲᠣᠭᠠᠳᠤ ᠭᠠᠳᠠᠭᠠᠳᠤ ᠳᠤ ᠰᠠᠭᠠᠳ ᠦᠭᠡᠢ ᠨᠡᠪᠲᠡᠷᠡᠭᠰᠡᠨ ᠂ ᠰᠦᠯᠵᠢᠶ᠎ᠡ ᠲᠡᠭᠦᠯᠳᠡᠷᠵᠢᠭᠰᠡᠨ ᠂ ᠪᠣᠬᠢᠷᠲᠤᠯ ᠦᠭᠡᠢ ᠥᠨᠳᠥᠷ ᠪᠦᠲᠦᠮᠵᠢᠲᠡᠢ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1