ᠵᠠᠩ ᡁᠢ ᠸᠧᠢ ᠡᠩ ᠤᠨ ᠨᠠᠮ ᠤᠨ ᠭᠡᠰᠢᠭᠦᠨ ᠤ ᠬᠤᠪᠢ ᠪᠠᠷ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ‍ᠤᠨ‌ᠬᠤᠷᠠᠯ ᠳᠤ ᠣᠷᠤᠯᠴᠠᠪᠠ
ᠨᠡᠶᠢᠲᠡᠯᠡᠭᠰᠡᠨ ᠴᠠᠭ᠄
2023/7/4
    6 ᠰᠠᠷ᠎ᠠ ᠶᠢᠨ 30 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠸᠧᠢ ᠡᠩ ᠤᠨ ᠨᠠᠮ ᠤᠨ ᠭᠡᠰᠢᠭᠦᠨ ᠤ ᠬᠤᠪᠢ ᠪᠠᠷ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠵᠤ ᠂ ᠨᠠᠮ ᠤᠨ ᠡᠭᠦᠷ ᠤᠨ ᠨᠠᠮ ᠤᠨ ᠭᠡᠰᠢᠭᠦᠳ ᠲᠠᠢ ᠬᠠᠮᠲᠤ ᠰᠤᠷᠤᠯᠴᠠᠨ ᠶᠠᠷᠢᠯᠴᠠᠵᠤ ᠂ ᠠᠰᠠᠭᠤᠳᠠᠯ ᠢ ᠪᠠᠶᠢᠴᠠᠭᠠᠨ ᠳᠡᠯᠭᠡᠵᠦ ᠂ ᠦᠵᠡᠯ ᠰᠠᠨᠠᠭ᠎ᠠ ᠪᠠᠨ ᠰᠣᠯᠢᠯᠴᠠᠪᠠ ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠠᠮᠲᠤ ᠣᠷᠣᠯᠴᠠᠵᠠᠢ ᠃
2_副本.jpg
       ᠵᠠᠩ ᡁᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠪᠣᠯ ᠳᠡᠭᠡᠳᠦ ᠱᠠᠲᠤᠨ ᠤ ᠪᠠ ᠲᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠵᠢᠭᠦᠯᠦᠭᠴᠢ ᠂ ᠠᠬᠢᠭᠤᠯᠤᠭᠴᠢ ᠮᠥᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠭᠤᠷᠢᠭ ᠤᠨ ᠵᠠᠰᠠᠭ ᠤᠨ ᠣᠷᠳᠣᠨ ᠤ ᠲᠥᠪ ᠪᠠᠶᠢᠭᠤᠯᠤᠮᠵᠢ᠂ ︽ ᠵᠥᠪᠯᠡᠯᠭᠡᠨ ᠤ ᠬᠡᠯᠲᠡᠰ︾᠂ ︽ᠪᠠᠶᠢᠯᠳᠤᠭᠠᠨ ᠤ ᠬᠡᠯᠲᠡᠰ︾ ᠪᠣᠯᠤᠭᠰᠠᠨ ᠤ ᠬᠤᠪᠢ ᠳᠤ᠂ ᠣᠷᠣᠨ ᠪᠠᠶᠢᠷᠢ ᠨᠢ ᠣᠨᠴᠠᠭᠠᠶ᠂ ᠠᠵᠢᠯ ᠨᠢ ᠴᠢᠬᠤᠯᠠ᠂ ᠬᠠᠷᠢᠭᠤᠴᠠᠯᠭ᠎ᠠ ᠨᠢ ᠬᠦᠨᠳᠦ ᠶᠡᠭᠡ ᠤᠴᠢᠷ ᠠᠴᠠ ᠵᠥᠪᠯᠡᠭᠴᠢ ᠲᠤᠰᠠᠯᠠᠭᠴᠢ᠂ ᠶᠡᠷᠦᠩᠬᠡᠶᠢᠯᠡᠨ ᠵᠣᠬᠢᠴᠠᠭᠤᠯᠬᠤ᠂ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ᠂ ᠦᠢᠯᠡᠴᠢᠯᠡᠵᠦ ᠪᠠᠲᠤᠯᠠᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠭᠵᠢᠯᠲᠡ ᠳᠤ ᠦᠢᠯᠡᠴᠢᠯᠡᠬᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ᠂ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠶᠢ ᠴᠢᠷᠮᠠᠶᠢᠨ ᠪᠡᠶᠡᠯᠡᠭᠦᠯᠵᠦ᠂ ᠪᠥᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠯᠪᠠᠨ ᠭᠡᠷ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠮᠡᠳᠡᠯᠭᠡ ᠶᠢᠨ ᠨᠥᠭᠡᠴᠡ ᠪᠠᠨ ᠴᠢᠩᠭᠠᠳᠬᠠᠨ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠢᠳᠠᠯ ᠳᠤ ᠵᠣᠬᠢᠴᠠᠭᠤᠯᠤᠨ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠦᠷᠦᠭᠦᠯᠡᠵᠦ᠂ ᠥᠯᠢᠭᠡᠷ ᠳᠠᠭᠤᠷᠢᠶᠠᠯ ᠪᠣᠯᠵᠤ᠂ ᠡᠯ᠎ᠡ ᠵᠦᠢᠯ ᠤᠨ ᠠᠵᠢᠯ ᠢ ᠵᠢᠷᠤᠮᠵᠢᠯ ᠲᠠᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠳᠤᠮᠳᠠ ᠪᠠᠨ ᠰᠠᠶᠢᠨ ᠲᠠᠢ ᠲᠠᠯ᠎ᠠ ᠎ ᠪᠠᠨ ᠪᠠᠳᠠᠷᠠᠭᠤᠯᠤᠨ ᠬᠥᠷᠥᠯᠴᠡᠬᠦ ᠦᠭᠡᠢ ᠲᠠᠯ᠎ᠠ ᠪᠠᠨ ᠨᠥᠬᠦᠬᠦ ᠳᠡᠭᠡᠨ ᠴᠢᠳᠠᠮᠠᠭᠠᠢ ᠪᠠᠶᠢᠵᠤ ᠂ ᠶᠡᠭᠡ ᠲᠠᠯ᠎ᠠ ᠶᠢ ᠬᠠᠷᠠᠵᠤ ᠂ ᠪᠦᠬᠦ ᠲᠠᠯ᠎ᠠ ᠶᠢ ᠬᠠᠷᠠᠭᠠᠯᠵᠠᠨ ᠂ ᠪᠠᠶᠢᠷᠢᠰᠢᠯ ᠢ ᠡᠷᠬᠢᠮᠯᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠨᠡᠩ ᠴᠢᠩᠭ᠎ᠠ ᠰᠥᠰᠥ ᠵᠣᠷᠢᠭ ᠪᠠ ᠡᠷᠡᠮᠡᠬᠡᠢ ᠬᠥᠴᠥᠨ ᠢᠶᠠᠷ ᠲᠡᠷᠢᠭᠦᠨ ᠤ ᠠᠵᠢᠯ ᠤᠨ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠃ ᠦᠨᠳᠦᠰᠦᠨ ᠱᠠᠲᠤ ᠂ ᠠᠵᠤ ᠠᠬᠤᠶᠢᠯᠠᠯ ᠳᠤ ᠢᠯᠡᠭᠦᠬᠡᠨ ᠭᠦᠨᠵᠡᠭᠡᠶᠢᠷᠡᠵᠦ ᠂ ᠦᠨᠳᠦᠰᠦᠨ ᠱᠠᠲᠤᠨ ᠤ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠢᠯᠡᠭᠦᠬᠡᠨ ᠰᠤᠷᠪᠤᠯᠵᠢᠯᠠᠨ ᠪᠠᠶᠢᠴᠠᠭᠠᠨ ᠰᠤᠳᠤᠯᠵᠤ ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠵᠠᠩ ᡁᠢ ᠸᠧᠢ ᠂ ᠠᠯᠪᠠᠨ ᠭᠡᠷ ᠤᠨ ︽ᠭᠤᠷᠪᠠᠨ ᠦᠢᠯᠡᠴᠢᠯᠡᠭᠡ︾᠎ ᠶᠢᠨ ᠠᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷᠠᠬᠢ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠤᠨ ᠰᠢᠨ᠎ᠡ ᠱᠠᠭᠠᠷᠳᠠᠯᠭ᠎ᠠ ᠂ ᠰᠢᠨ᠎ᠡ ᠪᠠᠷᠢᠮᠵᠢᠶ᠎ᠠ ᠂ ᠰᠢᠨ᠎ᠡ ᠵᠢᠮ᠎ᠡ ᠶᠣᠰᠣ ᠶᠢ ᠣᠨᠣᠪᠴᠢᠲᠠᠢ ᠡᠵᠡᠮᠳᠡᠵᠦ ᠂ ᠤᠳᠤᠷᠢᠳᠤᠯᠭ᠎ᠠ ᠶᠢᠨ ᠠᠩᠬᠠᠷᠴᠤ ᠪᠠᠶᠢᠭ᠎ᠠ ︽ ᠭᠤᠣᠯᠳᠠᠯᠭ᠎ᠠ ︾ ᠂ ᠤᠯᠠᠨ ᠲᠦᠮᠡᠨ ᠤ ᠲᠤᠰᠬᠠᠭᠰᠠᠨ ︽ ᠬᠠᠯᠠᠮᠰᠢᠯ ᠴᠡᠭ ︾ ᠂ ᠵᠥᠷᠢᠴᠡᠯ ᠲᠥᠪᠯᠡᠷᠡᠭᠰᠡᠨ ︽ ᠲᠥᠪᠯᠡᠷᠡᠯ ᠤᠨ ᠴᠡᠭ ︾᠎ ᠢ ᠴᠢᠳᠠᠮᠠᠭᠠᠢ ᠪᠠᠷ ᠠᠳᠬᠤᠨ ᠠᠷᠭ᠎ᠠ ᠪᠣᠳᠤᠯᠭ᠎ᠠ ᠭᠠᠷᠭᠠᠵᠤ ᠂ ᠠᠷᠭ᠎ᠠ ᠤᠬᠠᠭᠠᠨ ᠰᠦᠪᠡᠭᠴᠢᠯᠡᠵᠦ ᠂ ᠵᠠᠰᠠᠭ ᠎ ᠲᠤ ᠵᠥᠪᠯᠡᠨ ᠲᠤᠰᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠠᠨᠢᠰᠤ ᠶᠢ ᠨᠢ ᠣᠯᠵᠤ ᠂ ᠵᠠᠩᠭᠢᠯᠠᠭ᠎ᠠ ᠎ ᠶᠢ ᠨᠢ ᠰᠥᠪᠡᠭᠴᠢᠯᠡᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠷᠭᠡᠨ ᠤᠬᠠᠭᠠᠨ ᠰᠠᠶᠢᠨ ᠠᠷᠭ᠎ᠠ ᠤᠬᠠᠭᠠᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠵᠠᠩ ᡁᠢ ᠸᠧᠢ᠂ ᠠᠯᠪᠠᠨ ᠭᠡᠷ ᠤᠨ ᠪᠦᠬᠦ ᠨᠠᠮ ᠤᠨ ᠭᠡᠰᠢᠭᠦᠨ ᠺᠠᠳ᠋ᠷ ᠠᠵᠢᠯ ᠪᠣᠯᠣᠨ ᠠᠮᠢᠳᠤᠷᠠᠯ ᠭᠡᠷ ᠪᠦᠯᠢ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ ᠂ ᠰᠤᠷᠲᠠᠯ ᠤᠨ ᠪᠠᠶᠢᠭᠤᠯᠤᠯᠲᠠ ᠶᠢ ᠤᠬᠠᠮᠰᠠᠷ ᠠᠴᠠ ᠪᠠᠨ ᠴᠢᠩᠭᠠᠳᠬᠠᠵᠤ ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠴᠢᠩᠭ᠎ᠠ ᠵᠢᠷᠤᠮᠯᠠᠵᠤ ᠂ ᠡᠷᠡᠭᠦᠯ ᠰᠠᠷᠠᠭᠤᠯ ᠠᠮᠢᠳᠤᠷᠠᠯ ᠤᠨ ᠲᠣᠭᠤᠷᠢᠭ᠂ ᠨᠠᠶᠢᠵᠠ ᠶᠢᠨ ᠲᠣᠭᠤᠷᠢᠭ᠂ ᠨᠡᠶᠢᠭᠡᠮ ᠤᠨ ᠬᠠᠷᠢᠯᠴᠠᠭᠠᠨ ᠤ ᠲᠣᠭᠤᠷᠢᠭ ᠢ ᠪᠠᠶᠢᠭᠤᠯᠵᠤ ᠂ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠬᠥᠮᠥᠵᠢᠭᠦᠯᠵᠦ ᠂ ᠰᠠᠶᠢᠨ ᠰᠠᠶᠢᠬᠠᠨ ᠠᠵᠢᠯ ᠤᠨ ᠳᠠᠳᠬᠠᠯ ᠢ ᠪᠤᠢ ᠪᠣᠯᠭᠠᠵᠤ ᠂ ᠠᠵᠢᠯᠯᠠᠭ᠎ᠠ ᠳᠦᠷᠢᠮ ᠲᠣᠭᠲᠠᠭᠠᠯ ᠢ ᠵᠥᠷᠢᠴᠡᠬᠦ ᠦᠭᠡᠢ ᠂ ᠦᠭᠡ ᠶᠠᠷᠢᠶ᠎ᠠ ᠶᠣᠰᠣ ᠳᠦᠷᠢᠮ ᠠᠴᠠ ᠬᠡᠲᠦᠷᠡᠬᠦ ᠦᠭᠡᠢ ᠪᠠᠶᠢᠵᠤ ᠂ ᠥᠳᠥᠭᠡᠯᠭᠡ ᠶᠢ ᠬᠤᠷᠢᠭᠯᠠᠨ᠂ ᠰᠠᠶᠢᠨ ᠰᠠᠶᠢᠬᠠᠨ ᠪᠠᠶᠢᠭᠤᠯᠭ᠎ᠠ ᠶᠢᠨ ᠠᠵᠢᠯ ᠤᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠵᠥ ᠱᠠᠭᠠᠷᠳᠠᠵᠠᠢ᠃ᠬᠤᠷᠠᠯ ᠳᠡᠭᠡᠷ᠎ᠡ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ ᠨᠠᠮ ᠤᠨ ᠭᠡᠰᠢᠭᠦᠳ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ ᠦᠭᠡ ᠶᠠᠷᠢᠵᠠᠭᠠᠵᠤ᠂ ᠣᠯᠣᠯᠲᠠ ᠲᠥᠷᠥᠭᠳᠡᠯ ᠢᠶᠠᠨ ᠶᠠᠷᠢᠨ᠂ ᠵᠥᠷᠢᠶ᠎ᠡ ᠪᠣᠯᠤᠨ ᠬᠥᠷᠥᠯᠴᠡᠬᠦ ᠦᠭᠡᠢ ᠲᠠᠯ᠎ᠠ ᠪᠠᠨ ᠡᠷᠢᠵᠦ᠂ ᠰᠡᠳᠬᠢᠮᠵᠢ ᠪᠠ ᠠᠷᠭ᠎ᠠ ᠬᠡᠮᠵᠢᠶ᠎ᠡ ᠪᠠᠨ ᠲᠣᠳᠤᠷᠬᠠᠶᠢᠯᠠᠨ᠂ ᠨᠢᠭᠡᠨ ᠤᠳᠠᠭᠠᠨ ᠤ  ᠭᠦᠨ ᠭᠦᠨᠵᠡᠭᠡᠢ ᠨᠠᠮᠴᠢ ᠴᠢᠨᠠᠷ ᠤᠨ ᠪᠣᠯᠪᠠᠰᠤᠷᠠᠯ ᠪᠣᠯᠣᠨ ᠦᠵᠡᠯ ᠰᠠᠨᠠᠭᠠᠨ ᠤ ᠬᠥᠮᠥᠵᠢᠯ ᠢ ᠬᠠᠮᠲᠤᠪᠠᠷ ᠬᠥᠷᠲᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1