8730 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠹᠧᠩ ᠱᠦᠢ ᠭᠧᠦ ᠪᠠᠯᠭᠠᠰᠤᠨ ᠤ ᠲᠠᠷᠪᠤᠰ ᠤᠨ ᠲᠥᠬᠦᠭᠡᠷᠦᠮᠵᠢ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ︵ᠭᠤᠷᠪᠠᠳᠤᠭᠠᠷ ᠬᠤᠭᠤᠴᠠᠭ᠎ᠠ︶᠎ ᠤᠨ ᠲᠦᠷᠦᠯ ᠵᠦᠢᠯ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2023/7/5
    ᠣᠶᠢᠷ᠎ᠠ ᠳᠤ ᠂ ᠨᠡᠶᠢᠲᠡ 8730 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠹᠧᠩ ᠱᠦᠢ ᠭᠧᠦ ᠪᠠᠯᠭᠠᠰᠤᠨ ᠤ ᠲᠠᠷᠪᠤᠰ ᠤᠨ ᠲᠥᠬᠦᠭᠡᠷᠦᠮᠵᠢ ᠶᠢᠨ ᠲᠠᠷᠢᠮᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ︵ᠭᠤᠷᠪᠠᠳᠤᠭᠠᠷ ᠬᠤᠭᠤᠴᠠᠭ᠎ᠠ︶᠎ ᠤᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠡᠬᠢᠯᠡᠪᠡ ᠃ ᠲᠣᠰ ᠲᠥᠷᠥᠯ ᠵᠦᠢᠯ ᠨᠢ ᠰᠢᠩ ᠯᠦᠩ ᠫᠦᠸᠧ ᠲᠣᠰᠬᠤᠨ ᠳᠤ ᠪᠠᠶᠢᠷᠢᠰᠢᠵᠤ᠂ 340 ᠮᠦ ᠭᠠᠵᠠᠷ ᠡᠵᠡᠯᠡᠵᠦ᠂ ᠭᠤᠣᠯᠳᠠᠭᠤ 2500 ᠮᠦ ᠲᠠᠷᠪᠤᠰ ᠤᠨ ᠲᠥᠬᠦᠭᠡᠷᠦᠮᠵᠢ ᠶᠢᠨ ᠬᠦᠢᠲᠡᠨ ᠫᠧᠩ᠂ 50 ᠲᠠᠷᠪᠤᠰ ᠤᠨ ᠴᠢᠬᠢ ᠪᠣᠶᠢᠵᠢᠭᠤᠯᠬᠤ ᠳᠤᠯᠠᠭᠠᠨ ᠫᠧᠩ ᠵᠢᠴᠢ ᠬᠤᠷᠣᠬᠠᠢ ᠶᠢ ᠰᠡᠷᠭᠡᠶᠢᠯᠡᠬᠦ ᠲᠣᠣᠷ᠂ ᠠᠭᠠᠷ ᠬᠥᠰᠢᠭᠡ ᠵᠡᠷᠭᠡ ᠶᠠᠰᠤ ᠴᠢᠨᠠᠷ ᠢ ᠳᠡᠭᠡᠭᠰᠢᠯᠡᠭᠦᠯᠬᠦ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠲᠣᠰ ᠲᠥᠷᠥᠯ ᠵᠦᠢᠯ ᠢ 2023 ᠣᠨ ᠤ 10 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠣᠶ᠃ ᠠᠰᠢᠭᠯᠠᠯᠲᠠ ᠳᠤ ᠣᠷᠣᠭᠰᠠᠨ ᠤ ᠲᠠᠷᠠᠭ᠎ᠠ ᠵᠢᠯ ᠎ ᠤᠨ ᠲᠠᠷᠪᠤᠰ ᠤᠨ ᠭᠠᠷᠤᠯᠲᠠ 2200 ᠲᠣᠨ ᠬᠥᠷᠴᠦ᠂ 1000 ᠲᠦᠮᠡᠨ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ ᠂ 400 ᠭᠠᠷᠤᠢ ᠬᠥᠮᠥᠨ ᠤ ᠠᠵᠢᠯ ᠣᠯᠭᠤᠯᠲᠠ ᠶᠢ ᠰᠢᠢᠳᠪᠥᠷᠢᠯᠡᠨ᠂ ᠲᠣᠰᠬᠤᠨ ᠤ ᠠᠷᠠᠳ ᠢ ᠲᠠᠶᠢᠴᠢᠯᠠᠨ ᠳᠤᠮᠳᠠᠴᠢ ᠪᠠᠷ 1.5 ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠥᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1