ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/5
ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ       ᠶᠤᠸᠠᠨ ᠪᠣᠥ ᠱᠠᠨ ᠵᠠᠰᠠᠭ ᠠᠯᠪᠠᠨ ᠲᠠᠷᠬᠠᠭᠠᠭᠰᠠᠨ〔2023〕10 ᠳ᠋ᠤᠭᠠᠷ ᠲᠣᠭᠠᠲᠤ ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄    ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                           2023 ᠣᠨ 7 ᠰᠠᠷ᠎ᠠ ᠶᠢᠨ 3᠎ ᠤ ᠡᠳᠦᠷ    ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ  ᠬᠡᠷᠡᠭᠵᠢᠭᠦᠯᠬᠦ ᠲᠥᠰᠥᠯ    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠎ ᠤᠨ ᠲᠤᠬᠠᠢ ᠴᠢᠬᠤᠯᠠ ᠵᠢᠭᠠᠪᠤᠷᠢ ᠪᠣᠯᠣᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠶᠤᠸᠠᠨ ᠪᠦᠦ ᠱᠠᠨ ᠲᠣᠭᠤᠷᠢᠭ ᠤᠨ ︽ᠨᠢᠭᠡ ᠬᠤᠲᠠ ᠭᠤᠷᠪᠠᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠬᠤᠲᠠ᠂ ᠬᠥᠮᠥᠨ ᠠᠮᠠ ᠴᠢᠳᠠᠪᠤᠷᠢᠲᠠᠨ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ︽ᠳᠥᠷᠪᠡ ᠶᠢ ᠳᠠᠬᠢᠨ ᠪᠠᠶᠢᠭᠤᠯᠬᠤ︾᠎ ᠶᠢ ᠠᠬᠢᠭᠤᠯᠤᠨ᠎ᠠ᠃ ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠢᠯᠡᠴᠢᠯᠡᠭᠡ ᠨᠢ ᠨᠠᠷᠢᠯᠢᠭ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠴᠠᠭ ᠠᠭᠤᠷ ᠤᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ ᠲᠠᠢ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠶᠢᠨ ᠰᠠᠶᠢᠨ ᠰᠠᠶᠢᠬᠠᠨ ᠢ ᠪᠥᠬᠦ ᠲᠠᠯ᠎ᠠ ᠪᠠᠷ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃    ︵ᠬᠤᠶᠠᠷ︶ ᠬᠥᠭᠵᠢᠯᠲᠡ ᠶᠢᠨ ᠬᠠᠷᠠᠯᠲᠠ    2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠢ ᠣᠳᠣᠬᠢᠴᠢᠯᠠᠭᠰᠠᠨ ᠴᠠᠭ ᠠᠭᠤᠷ ᠤᠨ ᠠᠵᠢᠭᠯᠠᠯᠲᠠ᠂ ᠤᠷᠢᠳᠴᠢᠯᠠᠭᠰᠠᠨ ᠮᠡᠳᠡᠭᠡ ᠂ ᠦᠢᠯᠡᠴᠢᠯᠡᠭᠡ᠂ ᠰᠢᠨ᠎ᠡ ᠶᠢ ᠡᠭᠦᠳᠬᠦ᠂ ᠪᠠ ᠵᠠᠰᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠠᠮᠤᠷ ᠲᠦᠪᠰᠢᠨ ᠴᠠᠭ ᠠᠭᠤᠷ᠂ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ᠂ ᠴᠠᠭ ᠠᠭᠤᠷ ᠤᠨ ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃    2035 ᠣᠨ ᠪᠣᠯᠬᠤ ᠳᠤ ᠶᠤᠸᠠᠨ ᠪᠦᠦ ᠱᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠂ ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠡᠩ ᠢᠯᠡᠷᠬᠡᠢ ᠪᠣᠯᠭᠠᠨ᠎ᠠ ᠃ ᠬᠡᠷᠡᠭᠴᠡᠭᠡ ᠶᠢ ᠬᠠᠩᠭᠠᠭᠰᠠᠨ ᠂ ᠣᠨᠴᠠᠯᠢᠭ ᠢᠶᠠᠷ ᠢᠯᠡ ᠲᠣᠳᠣ ᠂ ᠮᠡᠷᠭᠡᠵᠢᠯ ᠢᠶᠠᠷ ᠲᠡᠷᠢᠭᠦᠨ ᠤ ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠳᠲᠡ ᠪᠣᠯᠭᠠᠵᠤ ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠂ ᠦᠢᠯᠡᠳᠪᠦᠷᠢᠯᠡᠯ ᠢ ᠬᠥᠭᠵᠢᠭᠦᠯᠬᠦ ᠂ ᠠᠮᠢᠳᠤᠷᠠᠯ ᠢ ᠴᠢᠨᠡᠭᠡᠯᠢᠭᠵᠢᠭᠦᠯᠬᠦ ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃    ᠬᠤᠶᠠᠷ ᠂ ᠭᠤᠣᠯ ᠡᠭᠦᠷᠭᠡ    ︵ ᠨᠢᠭᠡ ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ    1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ ᠵᠠᠷᠴᠢᠮ ᠢ ᠪᠠᠷᠢᠮᠲᠠᠯᠠᠨ ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠳᠤ ᠣᠷᠣᠭᠤᠯᠵᠤ ᠂ ᠦᠨᠳᠦᠰᠦᠨ ᠱᠠᠲᠤᠨ ᠤ ᠲᠤᠤᠷᠴᠢᠯᠠᠭᠰᠠᠨ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭᠠᠷᠠᠭᠤᠯᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠦᠷᠭᠡᠨ ᠳᠠᠭᠠᠬᠤ ᠂ ᠥᠨᠳᠥᠷ ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠤᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ ᠂ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠳᠤ ᠰᠠᠭᠤᠷᠢᠯᠠᠭᠰᠠᠨ ᠠᠶᠤᠯ ᠲᠦᠭᠰᠢᠭᠦᠷᠢ ᠶᠡᠬᠡᠲᠡᠢ ᠣᠷᠣᠨ ᠪᠦᠰᠡ ᠂ ᠰᠡᠷᠭᠡᠭ ᠴᠢᠨᠠᠷ ᠶᠡᠬᠡᠲᠡᠢ ᠠᠵᠢᠯ ᠲᠦᠷᠦᠯ ᠂ ᠠᠶᠤᠯ ᠶᠡᠬᠡᠲᠡᠢ ᠬᠥᠮᠥᠰ ᠤᠨ ᠠᠵᠢᠯ ᠢᠶᠠᠨ ᠠᠶᠠᠨᠳᠠᠭᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ ᠬᠢᠴᠢᠶᠡᠯ ᠢᠶᠠᠨ ᠵᠣᠭᠰᠣᠭᠠᠵᠤ ᠲᠡᠭᠡᠭᠡᠪᠦᠷᠢᠯᠡᠬᠦ ᠪᠠᠨ ᠵᠣᠭᠰᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠭᠠᠩ ᠬᠠᠭᠰᠠᠷᠭᠠᠨ ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠂ ᠠᠭᠤᠯᠠᠨ ᠦᠶᠡᠷ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠬᠤᠪᠢ ᠬᠥᠮᠥᠨ ᠂ ᠠᠵᠤ ᠠᠬᠤᠶᠢᠯᠠᠯ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ ᠃ ︵ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠳ ᠢ ᠲᠦᠷᠦᠭᠦᠯᠡᠨ ᠬᠢᠬᠦ ᠨᠢᠭᠡᠴᠢ ᠪᠣᠯᠭᠠᠨ᠎ᠠ ᠂ ᠳᠣᠷᠣᠭᠰᠢ ᠠᠳᠠᠯᠢ ︶    2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ ᠃ ᠪᠥᠬᠦ ᠲᠣᠭᠤᠷᠢᠭ ᠤᠨ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠤᠶᠢᠷᠢᠮ ᠢ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠎ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠂ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠎ ᠤᠨ ᠵᠠᠰᠠᠭ ᠎ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶    3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ ᠪᠠᠷᠢᠮᠵᠢᠶ᠎ᠠ ᠶᠢ ᠲᠣᠭᠲᠠᠭᠠᠵᠤ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠲᠤᠬᠠᠶᠢᠴᠢ ᠴᠢᠨᠠᠷ ᠪᠠ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾᠎ ᠢ ᠪᠦᠷᠢᠨᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠪᠠ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠠᠪᠴᠠᠩ ᠤᠨ ᠣᠷᠭᠠᠨᠢᠭ ᠢᠶᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠬᠦᠨᠳᠦ ᠶᠡᠭᠡ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ︽ ᠳᠠᠭᠤᠳᠠᠬᠤ ︾ ᠲᠣᠭᠲᠠᠴᠠ ᠶᠢ ᠨᠠᠶᠢᠳᠠᠪᠤᠷᠢᠵᠢᠭᠤᠯᠵᠤ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ᠳᠤ ᠬᠦᠷᠲᠡᠯ᠎ᠡ ᠨᠡᠶᠢᠭᠡᠮ ᠲᠣᠭᠤᠷᠢᠭ ᠲᠤ ᠬᠦᠷᠲᠡᠯ᠎ᠡ ᠨᠡᠶᠢᠲᠡᠯᠡᠬᠦ ᠶᠢ ᠲᠦᠯᠬᠢᠨ ᠠᠬᠢᠭᠤᠯᠤᠨ᠎ᠠ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ    4. ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦᠨ ᠤ ᠰᠢᠰᠲ᠋ᠧᠮ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠢ ᠪᠠ ᠭᠠᠵᠠᠷ ᠣᠷᠣᠨ ᠢ ᠨᠢᠭᠡ ᠴᠣᠭᠴᠠᠵᠢᠭᠤᠯᠤᠭᠰᠠᠨ ᠶᠤᠸᠠᠨ ᠪᠦᠦ ᠱᠠᠨ ᠲᠣᠭᠤᠷᠢᠭ ᠤᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠶᠢᠨ ᠲᠣᠣᠷ ᠢ ᠪᠠᠶᠢᠭᠤᠯᠵᠤ᠂ ᠠᠮᠢ ᠠᠬᠤᠢ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠶᠠᠰᠤ ᠴᠢᠨᠠᠷ ᠪᠠ ᠠᠮᠢ ᠠᠬᠤᠢ ᠶᠢᠨ ᠴᠢᠳᠠᠮᠵᠢ ᠶᠢ ᠰᠡᠷᠭᠦᠭᠡᠬᠦ ᠴᠠᠭ ᠠᠭᠤᠷ ᠢ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠵᠤ ᠂ ᠲᠤᠶᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ ᠃ ᠥᠨᠳᠥᠷ ᠢᠯᠭᠠᠮᠵᠢᠳᠤ ᠴᠠᠭ ᠠᠭᠤᠷ ᠤᠨ ᠳᠠᠭᠠᠭᠤᠯᠢ ᠤᠳᠤᠨ ᠤ ᠠᠯᠤᠰ ᠰᠡᠷᠡᠯ ᠪᠠ ᠴᠠᠭ ᠠᠭᠤᠷ ᠤᠨ ᠨᠥᠬᠦᠴᠡᠯ ᠤᠨ ᠨᠥᠯᠥᠭᠡ ᠶᠢ ᠦᠨᠡᠯᠡᠨ ᠵᠢᠱᠢᠬᠦ ᠮᠡᠷᠭᠡᠵᠢᠯ ᠢ ᠬᠡᠷᠡᠭᠯᠡᠨ ᠂ ᠬᠤᠳᠠ ᠶᠢᠨ ᠬᠠᠯᠠᠭᠤᠨ ᠠᠷᠠᠯ ᠵᠡᠷᠭᠡ ᠴᠠᠭ ᠠᠭᠤᠷ ᠢ ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠨᠵᠢᠯᠡᠬᠦ ᠤᠬᠠᠭᠠᠨᠴᠢ ᠪᠠᠷ ᠬᠦᠴᠦ ᠨᠡᠮᠡᠷᠢᠯᠡᠨ᠎ᠡ᠃ ᠡᠯᠡᠰᠦᠨ ᠰᠢᠭᠤᠷᠭ᠎ᠠ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠂ ᠠᠭᠠᠷ ᠤᠨ ᠪᠣᠬᠢᠷᠲᠤᠯ ᠪᠣᠳᠠᠰ ᠤᠨ ᠲᠠᠷᠬᠠᠯᠲᠠ ᠶᠢᠨ ᠴᠠᠭ ᠠᠭᠤᠷ ᠤᠨ ᠨᠥᠬᠦᠴᠡᠯ ᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠴᠠᠭ ᠠᠭᠤᠷ ᠤᠨ ᠰᠠᠯᠠᠭ᠎ᠠ ᠮᠥᠴᠢᠷ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠵᠥᠪᠳᠡᠯᠴᠡᠨ ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠵᠡᠷᠭᠡ ᠭᠡᠨᠡᠳᠲᠡ ᠡᠭᠦᠰᠬᠦ ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠪᠠ ᠲᠤᠶᠢᠯ ᠤᠨ ᠠᠭᠤᠷ ᠠᠮᠢᠰᠬᠤᠯ ᠤᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ ᠂ ᠠᠭᠤᠷ ᠠᠮᠢᠰᠬᠤᠯ ᠤᠨ ᠡᠬᠢ ᠪᠠᠶᠠᠯᠢᠭ ᠤᠨ ᠳᠠᠭᠠᠭᠠᠴᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠭᠡᠳᠬᠡᠵᠦ ᠂ ᠤᠰᠤᠨ ᠤ ᠡᠬᠢ ᠪᠠᠶᠠᠯᠢᠭ ᠂ ᠠᠮᠤ ᠪᠤᠳᠠᠭᠠᠨ ᠤ ᠠᠮᠤᠷ ᠲᠦᠪᠰᠢᠨ ᠂ ᠠᠮᠢ ᠠᠬᠤᠢ ᠶᠢᠨ ᠠᠮᠤᠷ ᠲᠦᠪᠰᠢᠨ ᠂ ᠠᠵᠤ ᠦᠢᠯᠡᠰ ᠤᠨ ᠪᠠᠶᠢᠷᠢᠰᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠨᠥᠯᠥᠭᠡ ᠶᠢ ᠦᠨᠡᠯᠡᠨ ᠵᠢᠱᠢᠬᠦ ᠠᠵᠢᠯ ᠢ ᠠᠯᠬᠤᠮ ᠠᠯᠬᠤᠮ ᠢᠶᠠᠷ ᠥᠷᠨᠢᠭᠦᠯᠦᠨ᠎ᠡ ᠃ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠲᠠ ᠪᠠ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠣᠮᠵᠢᠲᠤ ᠴᠢᠨᠠᠷ ᠢ ᠨᠤᠲᠠᠯᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠪᠥᠬᠦ ᠲᠣᠭᠤᠷᠢᠭ ᠤᠨ ᠬᠡᠪᠴᠢᠶᠡᠨ ᠳᠠᠬᠢ ᠴᠢᠬᠤᠯᠠ ᠶᠡᠭᠡ ᠲᠥᠯᠦᠪᠵᠢᠭᠦᠯᠭᠡ ᠂ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠵᠡᠷᠭᠡ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠠᠮᠤᠷ ᠲᠦᠪᠰᠢᠨ ᠤ ᠨᠤᠲᠠᠯᠠᠯᠲᠠ ᠶᠢ ᠥᠷᠨᠢᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶    ︵ᠭᠤᠷᠪᠠ︶ ᠣᠲᠣ ᠦᠶ᠎ᠡ ᠶᠢᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ‌‍ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠤᠨ᠎ᠠ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡ ᠶᠢ ᠰᠠᠶᠢᠲᠤᠷ ᠬᠢᠨ᠎ᠡ ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠬᠦᠷᠬᠦ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ ᠂ ᠲᠠᠷᠢᠶᠠᠯᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ ᠃ ᠲᠠᠷᠢᠶᠠᠯᠠᠩ ᠤᠨ ᠲᠠᠷᠢᠮᠠᠯ  ᠤᠨ ᠪᠦᠲᠦᠴᠡ ᠶᠢᠨ ᠳᠠᠭᠠᠭᠤᠯᠢ ᠤᠳᠤᠨ ᠤ ᠠᠯᠤᠰ ᠰᠡᠷᠡᠯ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠭᠤᠷ ᠠᠮᠢᠰᠬᠤᠯ ᠎ ᠤᠨ ᠣᠷᠣᠨ ᠎ ᠤ ᠬᠤᠪᠢᠶᠠᠷᠢᠯᠠᠯ ᠪᠣᠯᠣᠨ ᠭᠤᠣᠯ ᠪᠣᠯᠬᠤ ᠲᠠᠷᠢᠶᠠᠯᠠᠩ ᠤᠨ ᠴᠠᠭ ᠠᠭᠤᠷ ᠎ ᠤᠨ ᠭᠠᠮᠰᠢᠭ ᠤᠨ ᠲᠦᠭᠰᠢᠭᠦᠷᠢ ᠶᠢᠨ ᠣᠷᠣᠨ ᠤ ᠬᠤᠪᠢᠶᠠᠷᠢᠯᠠᠯ ‍ᠤᠨ‌ᠦᠷ᠎ᠡ ᠪᠦᠲᠦᠭᠡᠯ ᠢ ᠬᠡᠷᠡᠭᠯᠡᠨ ᠂ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠪᠣᠯᠣᠨ ᠲᠠᠷᠢᠶᠠᠯᠠᠩ ᠎ ᠤᠨ ᠭᠠᠮᠰᠢᠭ ᠤᠨ ᠳᠠᠭᠠᠳᠬᠠᠯ ᠤᠨ ᠲᠥᠯᠥᠪᠦᠷᠢ ᠵᠡᠷᠭᠡ ᠠᠵᠢᠯ ᠳᠤ ᠦᠢᠯᠡᠴᠢᠯᠡᠨ᠎ᠡ ᠃ ᠬᠥᠳᠡᠭᠡ ᠲᠣᠰᠬᠤᠨ ᠤ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠭᠤᠷ ᠠᠮᠢᠰᠬᠤᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠄ ︽ᠠᠭᠤᠷ ᠠᠮᠢᠰᠬᠤᠯ ᠤᠨ ᠰᠠᠶᠢᠨ ᠦᠢᠯᠡᠳᠬᠦᠨ︾᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠵᠡᠷᠭᠡ᠃ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ ᠤᠨ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶    8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠎ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠎ ᠳᠤ ᠦᠢᠯᠡᠴᠢᠯᠡᠨ᠎ᠡ ᠃ ᠨᠠᠷᠢᠯᠢᠭᠵᠢᠭᠤᠯᠤᠭᠰᠠᠨ ᠂ ᠵᠤᠷᠰᠢᠯᠵᠢᠭᠤᠯᠤᠭᠰᠠᠨ ᠂ ᠰᠢᠭᠤᠳ ᠨᠡᠪᠲᠡᠷᠡᠬᠦ ᠮᠠᠶ᠋ᠢᠭ ᠤᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠤᠰᠬᠠᠢ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠲᠠᠷᠢᠶᠠᠯᠠᠩ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠨᠠᠷᠢᠯᠢᠭᠵᠢᠭᠤᠯᠬᠤ ᠠᠵᠢᠯ ᠢ ᠥᠷᠨᠢᠭᠦᠯᠦᠨ᠎ᠡ ᠃ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠂ ᠴᠢᠬᠤᠯᠠ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠂ ᠭᠤᠣᠯ ᠪᠣᠯᠬᠤ ᠣᠨᠴᠠᠯᠢᠭᠲᠤ ᠠᠵᠤ ᠠᠬᠤᠢ ᠶᠢᠨ ᠲᠠᠷᠢᠮᠠᠯ ᠢ ᠬᠠᠮᠤᠷᠤᠭᠰᠠᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠮᠡᠷᠭᠡᠵᠢᠯ ᠤᠨ ᠰᠢᠰᠲ᠋ᠧᠮ ᠢ ᠪᠠᠶᠢᠭᠤᠯᠤᠨ᠎ᠠ ᠃ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ ᠬᠡᠮᠵᠢᠵᠦ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠪᠠ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    ︵ᠳᠥᠷᠪᠡ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠰᠡᠭᠦᠳᠡᠷ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ    9. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ ᠪᠠᠷ ᠠᠵᠢᠯᠯᠠᠬᠤ ᠶᠢ ᠪᠠᠷᠢᠮᠲᠠᠯᠠᠨ᠎ᠠ᠃ ᠠᠵᠢᠯ ᠤᠨ ᠪᠠᠶᠢᠷᠢᠰᠢᠯ ᠳᠤ ᠲᠣᠬᠢᠷᠠᠭᠤᠯᠤᠯᠲᠠ ᠬᠢᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠠᠷᠢᠶᠠᠯᠠᠩ ᠤᠨ ᠠᠵᠤ ᠠᠬᠤᠢ ᠶᠢᠨ ᠦᠢᠯᠡᠳᠪᠦᠷᠢᠯᠡᠯ ᠤᠨ ᠣᠷᠣᠨ ᠳᠤ ᠴᠢᠭᠯᠡᠭᠦᠯᠦᠨ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠤᠳᠠᠭ᠎ᠠ ᠶᠢ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠭᠤᠣᠯ ᠮᠥᠷᠡᠨ ᠵᠡᠷᠭᠡ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠭᠠᠵᠠᠷ ᠤᠨ ᠲᠣᠭᠤᠷᠢᠨ ᠳᠤ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠬᠦᠴᠦ ᠪᠠᠷ ᠪᠣᠷᠣᠭᠠᠨ ᠴᠠᠰᠤ ᠨᠡᠮᠡᠭᠳᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠭᠠᠩ ᠬᠠᠭᠤᠷᠠᠢ᠂ ᠮᠥᠨᠳᠥᠷ ᠵᠡᠷᠭᠡ ᠬᠦᠨᠳᠦ ᠶᠡᠭᠡ ᠭᠠᠢ ᠭᠠᠮᠰᠢᠭ ᠵᠢᠴᠢ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    10. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠎ ᠢ ᠨᠥᠯᠥᠭᠡᠯᠡᠬᠦ ᠬᠠᠮᠢᠶᠠᠷᠤᠯᠲᠠ ᠶᠢᠨ ᠳᠦᠷᠢᠮ ︾᠎ ᠢ ᠰᠠᠶᠢᠲᠤᠷ ᠨᠠᠶᠢᠳᠠᠪᠤᠷᠢᠵᠢᠭᠤᠯᠤᠨ᠎ᠠ ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠢᠶᠠᠷ ᠠᠵᠢᠯᠯᠠᠬᠤ ᠬᠥᠮᠥᠨ ᠤ ᠰᠡᠭᠦᠳᠡᠷ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠢ ᠴᠢᠩᠭᠠᠷᠠᠭᠤᠯᠵᠤ ᠂ ᠲᠣᠨᠣᠭᠯᠠᠯ ᠂ ᠰᠤᠮᠤ ᠲᠠᠷᠢ ᠵᠢᠴᠢ ᠠᠵᠢᠯᠲᠠᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ︵ ᠲᠣᠭᠤᠷᠢᠭ ᠤᠨ ᠪᠠᠴᠢᠮ ᠪᠠᠶᠢᠳᠠᠯ ᠢ  ᠠᠷᠭᠠᠴᠠᠭᠠᠬᠤ ᠲᠣᠪᠴᠢᠶ᠎ᠠ ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶    ︵ ᠲᠠᠪᠤ ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ    11. ᠭᠤᠣᠯᠳᠠᠯᠭ᠎ᠠ ᠲᠠᠢ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠰᠠᠯᠬᠢᠨ ᠡᠨᠧᠷᠭᠢ ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠥᠷᠨᠢᠭᠦᠯᠵᠦ ᠂ ᠰᠠᠯᠬᠢᠨ ᠬᠦᠴᠦᠨ ᠤ ᠴᠠᠬᠢᠯᠭᠠᠨ ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠂ ᠠᠮᠢᠳᠤ ᠪᠣᠳᠠᠰ ᠤᠨ ᠮᠠᠰ ᠡᠨᠧᠷᠭᠢ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ ᠃ ᠵᠠᠮ ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠲᠣᠣᠷ ᠢ ᠠᠯᠬᠤᠮ ᠠᠯᠬᠤᠮ ᠢᠶᠠᠷ ᠪᠠᠶᠢᠭᠤᠯᠵᠤ ᠂ ᠵᠠᠮ ᠬᠠᠷᠢᠯᠴᠠᠭᠠᠨ ᠤ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠮᠰᠢᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠎ ᠤᠨ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠎ ᠤᠨ ᠵᠠᠰᠠᠭ ᠎ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶    12. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭᠠᠴᠠᠯᠠᠭᠰᠠᠨ ᠴᠠᠭ ᠠᠭᠤᠷ ᠢ ᠬᠤᠳᠠ ᠶᠢᠨ ᠠᠵᠢᠯᠯᠠᠭᠠᠨ ᠤ ᠪᠦᠲᠦᠭᠡᠨ ᠪᠠᠶᠢᠭᠤᠯᠤᠯᠲᠠ ᠳᠤ ᠠᠭᠤᠰᠬᠠᠨ ᠣᠷᠣᠭᠤᠯᠬᠤ ᠶᠢ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ ᠠᠷᠢᠯᠭᠠᠬᠤ ᠵᠡᠷᠭᠡ ᠲᠤᠰᠬᠠᠢ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠡ᠃ ᠬᠤᠳᠠ ᠶᠢᠨ ᠤᠰᠤᠲᠤᠯ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ ᠂ ᠬᠤᠳᠠ ᠶᠢᠨ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ ᠃ ︵ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    13. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ ᠃ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠣᠷᠣᠭᠤᠯᠵᠤ ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠬᠥᠭᠵᠢᠯᠲᠡ ᠶᠢ ᠨᠢᠭᠡᠳᠦᠯᠲᠡᠢ ᠴᠡᠴᠡᠭ ᠤᠨ ᠲᠣᠭᠤᠰᠣᠨ ᠳᠤ ᠬᠠᠷᠰᠢᠬᠤ᠂ ᠥᠨᠳᠥᠷ ᠬᠠᠯᠠᠭᠤᠨ ᠳᠤ ᠨᠠᠷᠠᠰᠢᠬᠤ ᠵᠡᠷᠭᠡ ᠡᠷᠡᠭᠦᠯ ᠴᠢᠭᠢᠷᠠᠭ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠦᠢᠯᠡᠳᠬᠦᠨ ᠢ ᠰᠤᠳᠤᠯᠤᠨ ᠨᠡᠭᠡᠭᠡᠨ᠎ᠡ᠃ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢ ᠠᠰᠢᠭᠯᠠᠨ᠂ ᠡᠮᠦᠰᠬᠦ᠂ ᠢᠳᠡᠬᠦ᠂ ᠰᠠᠭᠤᠬᠤ᠂ ᠶᠠᠪᠤᠬᠤ ᠵᠡᠷᠭᠡ ᠶᠢᠨ ᠲᠣᠭᠤᠷᠢᠨ ᠳᠤ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠬᠠᠩᠭᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠯᠠᠨ ᠨᠡᠶᠢᠲᠡ ᠶᠢᠨ ᠴᠠᠭ ᠠᠭᠤᠷ ᠤᠨ ᠠᠮᠤᠷ ᠲᠦᠪᠰᠢᠨ ᠤ ᠤᠬᠠᠮᠰᠠᠷ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ  ᠠᠷᠭᠠᠴᠠᠭᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠎ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠎ ᠤᠨ ᠦᠢᠯᠡᠴᠢᠯᠡᠭᠡᠨ ᠎ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ    14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠤᠰ ᠣᠷᠣᠨᠴᠢᠯᠠᠬᠤ ᠰᠤᠳᠤᠯᠭᠠᠨ ᠢ ᠲᠦᠯᠬᠢᠨ ᠠᠬᠢᠭᠤᠯᠵᠤ ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠳᠡᠭᠡᠳᠦ ᠢᠯᠭᠠᠮᠵᠢᠳᠤ ᠣᠶᠤᠨᠲᠤ ᠲᠣᠣᠷ ᠤᠨ ᠦᠢᠯᠡᠳᠬᠦᠨ ᠂ ᠴᠠᠭ ᠠᠭᠤᠷ ᠤᠨ ᠳᠠᠭᠠᠭᠤᠯᠢ ᠤᠳᠤ ᠪᠠ ᠷᠠᠳᠠᠷ ᠤᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠭᠠᠮᠰᠢᠭᠲᠤ ᠴᠠᠭ ᠠᠭᠤᠷ ᠢᠯᠠᠩᠭᠤᠶ᠎ᠠ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠥᠨᠳᠥᠷ ᠢᠯᠭᠠᠮᠵᠢᠳᠤ ᠳᠠᠭᠠᠭᠤᠯᠢ ᠤᠳᠤᠨ ᠤ ᠠᠯᠤᠰ ᠰᠡᠷᠡᠯ ᠤᠨ ᠮᠡᠷᠭᠡᠵᠢᠯ ᠢ ᠤᠯᠠᠨ ᠬᠦᠷᠢᠶᠡᠨ ᠳᠤ ᠲᠤᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠨ᠎ᠠ ᠃ ︵ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶    15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠢᠯᠭᠠᠮᠵᠢᠲᠤ ᠳᠠᠭᠠᠭᠤᠯᠢ ᠣᠳᠣᠨ ᠤ ᠬᠡᠷᠡᠭᠯᠡᠯᠲᠡ᠂ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠢᠩᠭ᠎ᠠ ᠰᠣᠯᠢᠭ ᠤᠷᠤᠰᠬᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠭᠠᠵᠠᠷ ᠣᠷᠣᠨ᠂ ᠰᠠᠯᠠᠭ᠎ᠠ ᠮᠥᠴᠢᠷ᠂ ᠰᠢᠨᠵᠢᠯᠡᠭᠡᠨ ᠤ ᠰᠠᠯᠠᠭ᠎ᠠ ᠮᠥᠴᠢᠷ ᠠᠯᠤᠰᠯᠠᠨ ᠬᠠᠮᠲᠤᠷᠠᠨ ᠪᠣᠭᠤᠮᠲᠠ ᠰᠢᠪᠲᠤᠯᠬᠤ ᠪᠠ ᠲᠥᠪᠯᠡᠷᠡᠭᠦᠯᠦᠨ ᠰᠢᠨ᠎ᠡ ᠶᠢ ᠡᠭᠦᠳᠬᠦ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠭᠰᠠᠨ᠂ ᠰᠠᠯᠠᠭ᠎ᠠ ᠮᠥᠴᠢᠷ ᠠᠵᠤ ᠠᠬᠤᠶᠢᠯᠠᠯ ᠤᠨ ᠭᠦᠨᠵᠡᠭᠡᠢ ᠬᠠᠮᠲᠤᠷᠠᠯᠴᠠᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ᠎ᠠ᠃ ︵ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶    ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠥᠨ᠎ᠡ᠃    16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠢᠬᠤᠯᠠ ᠴᠠᠭ ᠠᠭᠤᠷ ᠤᠨ ᠠᠭᠤᠷ ᠠᠮᠢᠰᠬᠤᠯ ᠤᠨ ᠣᠷᠣᠨ ᠂ ᠴᠠᠭ ᠠᠭᠤᠷ ᠤᠨ ᠠᠵᠢᠭᠯᠠᠯᠲᠠ ᠪᠠᠷ ᠪᠠᠭᠤᠷᠠᠢ ᠣᠷᠣᠨ ᠂ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ ᠣᠷᠣᠨ ᠂ ᠭᠤᠣᠯᠳᠠᠯᠭ᠎ᠠ ᠲᠠᠢ ᠠᠵᠤ ᠠᠬᠤᠢ ᠶᠢᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠴᠠᠭ ᠠᠭᠤᠷ ᠤᠨ ᠭᠠᠢ ᠭᠠᠮᠰᠢᠭ ᠢ ᠬᠢᠨᠠᠨ ᠬᠡᠮᠵᠢᠬᠦ ᠠᠵᠢᠯ ᠢ ᠲᠡᠭᠦᠯᠳᠡᠷᠵᠢᠭᠦᠯᠦᠨ᠎ᠡ ᠃ ᠵᠢᠯᠣᠭᠤᠴᠢ ᠦᠭᠡᠢ ᠨᠢᠰᠬᠡᠯ ᠤᠨ ᠠᠯᠤᠰ ᠰᠡᠷᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠨᠡᠶᠢᠲᠡᠯᠢᠭ ᠣᠷᠣᠨ ᠪᠦᠰᠡ ᠶᠢᠨ ᠠᠮᠢ ᠠᠬᠤᠢ ᠶᠢᠨ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠴᠠᠭ ᠠᠭᠤᠷ ᠤᠨ ᠪᠡᠯᠡᠳᠬᠡᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠴᠢᠩᠭᠠᠷᠠᠭᠤᠯᠤᠨ᠎ᠠ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠎ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶    17. ᠨᠠᠷᠢᠯᠢᠭ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠰᠢᠰᠲ᠋ᠧᠮ ᠳᠤ ᠲᠦᠰᠢᠭᠯᠡᠨ᠂ ᠥᠨᠳᠥᠷ ᠢᠯᠭᠠᠮᠵᠢᠲᠤ ᠪᠣᠳᠠᠲᠤ ᠪᠠᠶᠢᠳᠠᠯ ᠤᠨ ᠦᠢᠯᠡᠳᠬᠦᠨ᠂ ᠪᠣᠳᠠᠲᠤ ᠪᠠᠶᠢᠳᠠᠯ ᠳᠤ ᠳᠠᠬᠢᠨ ᠵᠠᠳᠠᠯᠤᠯᠲᠠ ᠬᠢᠬᠦ ᠦᠢᠯᠡᠳᠬᠦᠨ ᠢ ᠦᠢᠯᠡᠳᠴᠦ᠂ ᠲᠤᠬᠠᠢ ᠶᠢᠨ ᠴᠠᠭ ᠤᠨ ᠠᠵᠢᠭᠯᠠᠯᠲᠠ ᠶᠢᠨ ᠮᠠᠲ᠋ᠧᠷᠢᠶᠠᠯ ᠢ ᠶᠡᠷᠦᠩᠬᠡᠶᠢᠯᠡᠨ ᠬᠡᠷᠡᠭᠯᠡᠬᠦ ᠪᠣᠳᠠᠲᠤ ᠪᠠᠶᠢᠳᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠣᠬᠤᠷ ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ ᠴᠠᠭ ᠤᠨ ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ︵ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶    18. ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠲᠦ ᠪᠣᠳᠣᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ ᠂ ᠭᠠᠮᠰᠢᠭ ᠤᠨ ᠲᠦᠷᠦᠯ ᠵᠦᠢᠯ ᠪᠠ ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ ᠦᠢᠯᠡᠳᠬᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ ᠦᠢᠯᠡᠳᠬᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠢ ᠴᠠᠭ ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠢ ᠴᠠᠭ ᠠᠭᠤᠷ ᠤᠨ ᠦᠢᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ ᠠᠬᠢᠭᠤᠯᠤᠨ᠎ᠠ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶    19. ᠴᠠᠭ ᠠᠭᠤᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠴᠢᠮᠡᠭᠡ ᠬᠤᠯᠪᠣᠭ᠎ᠠ ᠶᠢᠨ ᠰᠦᠯᠵᠢᠶ᠎ᠡ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠴᠠᠭ ᠠᠭᠤᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠦᠯᠵᠢᠶᠡᠨ ᠤ ᠠᠮᠤᠷ ᠲᠦᠪᠰᠢᠨ ᠤ ᠰᠢᠰᠲ᠋ᠧᠮ ᠪᠣᠯᠣᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠡᠷᠭᠡ ᠪᠠᠷ ᠲᠥᠯᠥᠪᠵᠢᠭᠦᠯᠬᠦ ᠂ ᠪᠠᠶᠢᠭᠤᠯᠬᠤ ᠂ ᠠᠵᠢᠯᠯᠠᠭᠤᠯᠬᠤ ᠶᠢ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    ᠭᠤᠷᠪᠠ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠠᠨ ᠤ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠂ ᠣᠨᠴᠠᠭᠠᠶᠢᠯᠠᠨ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠠᠨ ᠤ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠥᠨᠳᠥᠷ ᠪᠠᠶᠢᠷᠢᠨ ᠳᠤ ᠠᠬᠢᠭᠤᠯᠤᠨ᠎ᠠ᠃    ᠳᠤᠭᠤᠶᠢᠯᠠᠩ ᠤᠨ ᠳᠠᠷᠤᠭ᠎ᠠ᠄ ᠯᠢ ᠽᠥᠩ ᠮᠧᠩ   ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ    ᠳᠡᠳ᠋ ᠳᠤᠭᠤᠶᠢᠯᠠᠩ ᠤᠨ ᠳᠠᠷᠤᠭ᠎ᠠ᠄ ᠸᠠᠩ ᠯᠧᠢ  ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠮᠧᠩ ᠹᠠᠨ ᠹᠦ᠋  ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶᠠᠨ ᠤ ᠳᠠᠷᠤᠭ᠎ᠠ    ᠪᠥᠷᠢᠯᠳᠥᠭᠦᠨ᠄ ᠬᠤᠸᠠᠩ ᠵᠢᠶᠠᠨ ᠵᠢᠶᠦ᠋ᠨ  ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠳ᠋ᠦᠩ ᠰᠢᠨ  ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ    ᠯᠢ ᠰᠢᠤᠸᠠᠢ ᠰᠥᠩ  ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠨᠥᠭᠡᠴᠡᠯᠡᠨ ᠡᠮᠬᠢᠯᠡᠬᠦ ᠲᠥᠪ ᠤᠨ ᠡᠷᠬᠢᠯᠡᠭᠴᠢ    ᠰᠦᠨ ᠵᠦᠩ ᠢᠦᠢ  ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠪᠠ ᠨᠡᠶᠢᠭᠡᠮ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠭᠦᠸᠧ ᠸᠧᠢ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ    ᠯᠢ ᠹᠧᠩ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶᠠᠨ ᠤ ᠳᠡᠳ᠋ ᠳᠠᠷᠤᠭ᠎ᠠ    ᠵᠢᠶᠠ ᠴᠠᠩ ᠴᠢᠩ  ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠵᠠᠩ ᠪᠦᠦ ᠵᠢᠶᠦ᠋ᠨ  ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ    ᠶᠠᠩ ᠯᠧᠢ  ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ    ᠯᠢᠦᠢ ᠶᠢᠨ ᠯᠢᠶᠠᠩ  ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ    ᠸᠠᠩ ᠰᠢᠸ ᠭᠦᠸᠧ  ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ    ᠯᠢ ᠴᠧᠩ ᠢᠦᠢ  ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ    ᠯᠦ ᠵᠠᠨ ᠸᠧᠨ  ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ    ᠸᠠᠩ ᠬᠤᠤ ᠷᠠᠨ  ᠲᠣᠭᠤᠷᠢᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ    ᠯᠢ ᠢᠦᠢ ᠮᠢᠩ  ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ    ᠼᠦᠩ ᠯᠦᠩ ᠪᠢᠨ  ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ    ᠢᠦᠢ ᠶᠠᠩ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠠᠮᠵᠢᠯᠴᠠᠨ᠎ᠠ︶    ᠴᠠᠩ ᠭᠧ ᠵᠢᠶᠦ᠋ᠨ  ᠴᠡᠷᠢᠭ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ    ᠴᠢᠨ ᠯᠢᠩ  ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ    ᠵᠤᠤ ᠭᠤᠸᠠᠩ ᠮᠢᠩ  ᠲᠣᠭᠤᠷᠢᠭ ᠤᠨ ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ    ᠴᠧᠨ ᠲᠢᠶᠠᠨ ᠳ᠋ᠠ  ᠲᠣᠭᠤᠷᠢᠭ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ    ᠭᠧ ᠵᠢᠶᠠᠨ ᠶᠢᠩ  ᠲᠣᠭᠤᠷᠢᠭ ᠤᠨ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ    ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠴᠠᠭ ᠠᠭᠤᠷ ᠤᠨ ᠳᠠᠪᠬᠤᠷ ᠲᠥᠯᠥᠪᠯᠡᠭᠡᠲᠦ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠯᠡ ᠮᠥᠩᠭᠦ ᠶᠢᠨ ᠳᠡᠮᠵᠢᠯᠭᠡ ᠪᠠ ᠵᠠᠰᠠᠭ ᠤᠨ ᠣᠷᠳᠣᠨ ᠤ ᠴᠠᠭ ᠠᠭᠤᠷ ᠤᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ︵ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠴᠠᠭ ᠠᠭᠤᠷ ᠎ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ  ᠪᠠᠯᠭᠠᠰᠤᠨ ᠤ ᠠᠷᠠᠳ ᠤᠨ ᠵᠠᠰᠠᠭ ᠎ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶    ︵ ᠭᠤᠷᠪᠠ ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ ᠃ ᠣᠷᠣᠨ ᠨᠤᠲᠤᠭ ᠤᠨ ᠴᠠᠭ ᠠᠭᠤᠷ ᠤᠨ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠂ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠳᠦᠷᠢᠮ ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠵᠢᠴᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠲᠦᠯᠬᠢᠨ ᠠᠬᠢᠭᠤᠯᠤᠨ᠎ᠠ ᠃ ᠴᠠᠭ ᠠᠭᠤᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ ᠃ ᠲᠤᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠂ ᠬᠤᠳᠠ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠪᠠ ᠴᠠᠭ ᠠᠭᠤᠷ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠯᠡᠬᠦ ᠶᠢ ᠠᠬᠢᠭᠤᠯᠤᠨ᠎ᠠ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶    ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠴᠢᠳᠠᠪᠤᠷᠢᠲᠠᠨ ᠤ ᠢᠨᠵᠧᠨᠧᠷᠢᠩ ︵ᠲᠥᠯᠥᠪᠯᠡᠭᠡ︶᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠰᠢᠯᠢᠨ ᠰᠣᠩᠭᠤᠬᠤ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠠᠮᠢᠳᠤᠷᠠᠯ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶    ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ  ᠨᠢᠭᠡᠴᠢ ᠨᠦᠭᠦᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠲᠣᠬᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠡᠯ᠎ᠡ ᠰᠢᠶᠠᠩ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶                      ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ                      ᠎ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                         2023 ᠣᠨ ᠤ 7 ᠰᠠᠷ᠎ᠠ ᠶᠢᠨ 3᠎ ᠤ ᠡᠳᠦᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1