ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ | | ᠶᠤᠸᠠᠨ ᠪᠣᠥ ᠱᠠᠨ ᠵᠠᠰᠠᠭ ᠠᠯᠪᠠᠨ ᠲᠠᠷᠬᠠᠭᠠᠭᠰᠠᠨ〔2023〕10 ᠳ᠋ᠤᠭᠠᠷ ᠲᠣᠭᠠᠲᠤ | | ᠡᠯ᠎ᠡ ᠪᠠᠯᠭᠠᠰᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠬᠤ ᠬᠡᠷᠡᠭᠵᠢᠭᠦᠯᠬᠦ ᠲᠥᠰᠥᠯ︾ ᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 9 ᠳ᠋ᠤᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | 2023 ᠣᠨ 7 ᠰᠠᠷ᠎ᠠ ᠶᠢᠨ 3 ᠤ ᠡᠳᠦᠷ | ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ | ᠬᠡᠷᠡᠭᠵᠢᠭᠦᠯᠬᠦ ᠲᠥᠰᠥᠯ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ | ᠲᠤᠬᠠᠢ ᠴᠢᠬᠤᠯᠠ ᠵᠢᠭᠠᠪᠤᠷᠢ ᠪᠣᠯᠣᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠶᠤᠸᠠᠨ ᠪᠦᠦ ᠱᠠᠨ | ᠲᠣᠭᠤᠷᠢᠭ ᠤᠨ ︽ᠨᠢᠭᠡ ᠬᠤᠲᠠ ᠭᠤᠷᠪᠠᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠬᠤᠲᠠ᠂ | ᠬᠥᠮᠥᠨ ᠠᠮᠠ ᠴᠢᠳᠠᠪᠤᠷᠢᠲᠠᠨ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ︽ᠳᠥᠷᠪᠡ ᠶᠢ ᠳᠠᠬᠢᠨ ᠪᠠᠶᠢᠭᠤᠯᠬᠤ︾ | ᠶᠢ ᠠᠬᠢᠭᠤᠯᠤᠨ᠎ᠠ᠃ ᠬᠢᠨᠠᠨ ᠬᠡᠮᠵᠢᠬᠦ ᠨᠢ ᠨᠠᠷᠢᠯᠢᠭ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ᠂ ᠦᠢᠯᠡᠴᠢᠯᠡᠭᠡ ᠨᠢ | ᠨᠠᠷᠢᠯᠢᠭ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠴᠠᠭ ᠠᠭᠤᠷ ᠤᠨ ᠰᠢᠰᠲ᠋ᠧᠮᠵᠢ ᠶᠢ | ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ | ᠦᠢᠯᠡᠳᠪᠦᠷᠢᠯᠡᠯ ᠬᠥᠭᠵᠢᠯᠲᠡ ᠲᠠᠢ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠶᠢᠨ ᠰᠠᠶᠢᠨ ᠰᠠᠶᠢᠬᠠᠨ ᠢ ᠪᠥᠬᠦ | ᠲᠠᠯ᠎ᠠ ᠪᠠᠷ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ | ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ | ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠢ ᠣᠳᠣᠬᠢᠴᠢᠯᠠᠭᠰᠠᠨ ᠴᠠᠭ ᠠᠭᠤᠷ ᠤᠨ ᠠᠵᠢᠭᠯᠠᠯᠲᠠ᠂ | ᠤᠷᠢᠳᠴᠢᠯᠠᠭᠰᠠᠨ ᠮᠡᠳᠡᠭᠡ ᠂ ᠦᠢᠯᠡᠴᠢᠯᠡᠭᠡ᠂ ᠰᠢᠨ᠎ᠡ ᠶᠢ ᠡᠭᠦᠳᠬᠦ᠂ ᠪᠠ ᠵᠠᠰᠠᠯᠲᠠ ᠶᠢᠨ ᠰᠢᠰᠲ᠋ᠧᠮᠵᠢ ᠶᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠠᠮᠤᠷ ᠲᠦᠪᠰᠢᠨ ᠴᠠᠭ ᠠᠭᠤᠷ᠂ ᠠᠮᠢ | ᠠᠬᠤᠢ ᠬᠢᠭᠡᠳ ᠲᠠᠷᠢᠶᠠᠯᠠᠩ ᠤᠨ ᠴᠠᠭ ᠠᠭᠤᠷ᠂ ᠴᠠᠭ ᠠᠭᠤᠷ ᠤᠨ ᠠᠯᠤᠰ ᠰᠡᠷᠡᠯ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ | ᠬᠦᠷᠦᠭᠦᠯᠦᠨ᠎ᠡ᠃ | 2035 ᠣᠨ ᠪᠣᠯᠬᠤ ᠳᠤ ᠶᠤᠸᠠᠨ ᠪᠦᠦ ᠱᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠵᠦ ᠂ ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠲᠤᠯᠭᠠᠭᠤᠷᠢᠯᠠᠬᠤ ᠦᠢᠯᠡᠳᠦᠯ ᠢ ᠨᠡᠩ ᠢᠯᠡᠷᠬᠡᠢ ᠪᠣᠯᠭᠠᠨ᠎ᠠ ᠃ ᠬᠡᠷᠡᠭᠴᠡᠭᠡ ᠶᠢ ᠬᠠᠩᠭᠠᠭᠰᠠᠨ ᠂ ᠣᠨᠴᠠᠯᠢᠭ ᠢᠶᠠᠷ ᠢᠯᠡ | ᠲᠣᠳᠣ ᠂ ᠮᠡᠷᠭᠡᠵᠢᠯ ᠢᠶᠠᠷ ᠲᠡᠷᠢᠭᠦᠨ ᠤ ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ | ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠂ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ | ᠪᠠᠳᠠᠷᠠᠭᠤᠯᠵᠤ ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠮᠵᠢ ᠶᠢ ᠨᠡᠩ ᠢᠯᠡᠳᠲᠡ ᠪᠣᠯᠭᠠᠵᠤ ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠂ ᠦᠢᠯᠡᠳᠪᠦᠷᠢᠯᠡᠯ ᠢ | ᠬᠥᠭᠵᠢᠭᠦᠯᠬᠦ ᠂ ᠠᠮᠢᠳᠤᠷᠠᠯ ᠢ ᠴᠢᠨᠡᠭᠡᠯᠢᠭᠵᠢᠭᠦᠯᠬᠦ ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ | ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃ | ᠬᠤᠶᠠᠷ ᠂ ᠭᠤᠣᠯ ᠡᠭᠦᠷᠭᠡ | ︵ ᠨᠢᠭᠡ ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ | ᠲᠣᠭᠲᠠᠴᠠ ᠶᠢ ᠪᠦᠷᠢᠨᠰᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠂ ᠶᠡᠷᠦᠩᠬᠡᠶᠢᠯᠡᠨ ᠭᠠᠮᠰᠢᠭ ᠢ | ᠪᠠᠭᠠᠰᠬᠠᠬᠤ ᠵᠠᠷᠴᠢᠮ ᠢ ᠪᠠᠷᠢᠮᠲᠠᠯᠠᠨ ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠳᠤ ᠣᠷᠣᠭᠤᠯᠵᠤ ᠂ ᠦᠨᠳᠦᠰᠦᠨ ᠱᠠᠲᠤᠨ ᠤ ᠲᠤᠤᠷᠴᠢᠯᠠᠭᠰᠠᠨ | ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ ᠃ ᠴᠠᠭ ᠠᠭᠤᠷ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ | ᠴᠢᠩᠭᠠᠷᠠᠭᠤᠯᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠦᠷᠭᠡᠨ ᠳᠠᠭᠠᠬᠤ ᠂ ᠥᠨᠳᠥᠷ ᠪᠦᠲᠦᠮᠵᠢᠲᠡᠶ ᠪᠠᠷ | ᠬᠠᠮᠲᠤᠷᠠᠨ ᠬᠥᠳᠡᠯᠦᠯᠴᠡᠭᠰᠡᠨ ᠤᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ | ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠪᠦᠷᠢᠨᠰᠢᠭᠦᠯᠵᠦ ᠂ ᠬᠦᠨᠳᠦ ᠶᠡᠭᠡ ᠴᠠᠭ ᠠᠭᠤᠷ ᠤᠨ | ᠭᠠᠮᠰᠢᠭ ᠤᠨ ᠤᠯᠠᠭᠠᠨ ᠥᠩᠭᠡ ᠶᠢᠨ ᠰᠡᠷᠡᠮᠵᠢ ᠶᠢᠨ ᠳᠣᠬᠢᠶ᠎ᠠ ᠳᠤ ᠰᠠᠭᠤᠷᠢᠯᠠᠭᠰᠠᠨ ᠠᠶᠤᠯ ᠲᠦᠭᠰᠢᠭᠦᠷᠢ ᠶᠡᠬᠡᠲᠡᠢ | ᠣᠷᠣᠨ ᠪᠦᠰᠡ ᠂ ᠰᠡᠷᠭᠡᠭ ᠴᠢᠨᠠᠷ ᠶᠡᠬᠡᠲᠡᠢ ᠠᠵᠢᠯ ᠲᠦᠷᠦᠯ ᠂ ᠠᠶᠤᠯ ᠶᠡᠬᠡᠲᠡᠢ ᠬᠥᠮᠥᠰ ᠤᠨ ᠠᠵᠢᠯ ᠢᠶᠠᠨ | ᠠᠶᠠᠨᠳᠠᠭᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ ᠬᠢᠴᠢᠶᠡᠯ ᠢᠶᠠᠨ ᠵᠣᠭᠰᠣᠭᠠᠵᠤ ᠲᠡᠭᠡᠭᠡᠪᠦᠷᠢᠯᠡᠬᠦ ᠪᠠᠨ | ᠵᠣᠭᠰᠣᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠭᠠᠩ ᠬᠠᠭᠰᠠᠷᠭᠠᠨ ᠂ ᠤᠢ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠂ ᠠᠭᠤᠯᠠᠨ ᠦᠶᠡᠷ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠠᠭ ᠠᠭᠤᠷ ᠤᠨ | ᠪᠠᠲᠤᠯᠠᠭ᠎ᠠ ᠶᠢᠨ ᠦᠢᠯᠡᠴᠢᠯᠡᠭᠡ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠬᠤᠪᠢ ᠬᠥᠮᠥᠨ ᠂ ᠠᠵᠤ ᠠᠬᠤᠶᠢᠯᠠᠯ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠬᠤ | ᠪᠠ ᠬᠥᠲᠥᠯᠥᠨ ᠵᠢᠯᠣᠭᠤᠳᠤᠨ᠎ᠠ ᠃ ︵ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃ ᠨᠢᠭᠡᠳᠦᠭᠡᠷ ᠲᠤ | ᠵᠢᠭᠰᠠᠭᠠᠭᠳᠠᠭᠰᠠᠳ ᠢ ᠲᠦᠷᠦᠭᠦᠯᠡᠨ ᠬᠢᠬᠦ ᠨᠢᠭᠡᠴᠢ ᠪᠣᠯᠭᠠᠨ᠎ᠠ ᠂ ᠳᠣᠷᠣᠭᠰᠢ ᠠᠳᠠᠯᠢ ︶ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ ᠃ ᠪᠥᠬᠦ | ᠲᠣᠭᠤᠷᠢᠭ ᠤᠨ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ | ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ | ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠤᠨ ᠠᠶᠤᠯ | ᠲᠦᠭᠰᠢᠭᠦᠷᠢ ᠶᠢᠨ ᠬᠠᠮᠢᠶᠠᠷᠤᠯᠲᠠ ᠶᠢᠨ ᠲᠤᠶᠢᠷᠢᠮ ᠢ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠭᠤᠣᠯᠳᠠᠯᠭ᠎ᠠ ᠲᠠᠢ ᠨᠢᠭᠡᠴᠢ ᠶᠢᠨ ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ | ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ | ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ ᠲᠣᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠂ ᠲᠣᠭᠤᠷᠢᠭ ᠤᠨ ᠤᠢ ᠰᠢᠭᠤᠢ ᠡᠪᠡᠰᠦ | ᠪᠡᠯᠴᠢᠭᠡᠷ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ | ᠪᠠ ᠤᠯᠠᠮᠵᠢᠯᠠᠨ ᠲᠠᠷᠬᠠᠭᠠᠬᠤ ᠪᠠᠷᠢᠮᠵᠢᠶ᠎ᠠ ᠶᠢ ᠲᠣᠭᠲᠠᠭᠠᠵᠤ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠴᠠᠭ ᠲᠤᠬᠠᠶᠢᠴᠢ ᠴᠢᠨᠠᠷ ᠪᠠ ᠨᠠᠷᠢᠯᠢᠭ ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠭᠤᠷᠪᠠᠨ | ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠬᠦᠨᠳᠦ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠪᠦᠷᠢᠨᠰᠢᠭᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ᠂ | ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠪᠠ ᠴᠢᠮᠡᠭᠡ ᠬᠤᠯᠪᠣᠭ᠎ᠠ ᠶᠢᠨ ᠡᠵᠡᠩᠨᠡᠯᠲᠡ ᠶᠢᠨ ᠠᠵᠤ | ᠠᠬᠤᠶᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠠᠪᠴᠠᠩ ᠤᠨ ᠣᠷᠭᠠᠨᠢᠭ ᠢᠶᠠᠷ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠪᠤᠶᠢᠳᠠ ᠪᠥᠭᠯᠡᠭᠦᠦ ᠭᠠᠵᠠᠷ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ | ᠳᠠᠮᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠬᠦᠨᠳᠦ ᠶᠡᠭᠡ ᠭᠠᠮᠰᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ︽ ᠳᠠᠭᠤᠳᠠᠬᠤ ︾ ᠲᠣᠭᠲᠠᠴᠠ ᠶᠢ ᠨᠠᠶᠢᠳᠠᠪᠤᠷᠢᠵᠢᠭᠤᠯᠵᠤ ᠂ ᠰᠡᠷᠡᠮᠵᠢᠯᠡᠭᠦᠯᠬᠦ | ᠮᠡᠳᠡᠭᠡ ᠵᠠᠩᠭᠢ ᠶᠢ ᠭᠠᠴᠠᠭ᠎ᠠ ᠳᠤ ᠬᠦᠷᠲᠡᠯ᠎ᠡ ᠨᠡᠶᠢᠭᠡᠮ ᠲᠣᠭᠤᠷᠢᠭ ᠲᠤ ᠬᠦᠷᠲᠡᠯ᠎ᠡ ᠨᠡᠶᠢᠲᠡᠯᠡᠬᠦ ᠶᠢ ᠲᠦᠯᠬᠢᠨ | ᠠᠬᠢᠭᠤᠯᠤᠨ᠎ᠠ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶ | ︵ᠬᠤᠶᠠᠷ︶ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ | ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ | 4. ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦᠨ ᠤ ᠰᠢᠰᠲ᠋ᠧᠮ ᠤᠨ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠢ ᠪᠠ ᠭᠠᠵᠠᠷ ᠣᠷᠣᠨ ᠢ ᠨᠢᠭᠡ | ᠴᠣᠭᠴᠠᠵᠢᠭᠤᠯᠤᠭᠰᠠᠨ ᠶᠤᠸᠠᠨ ᠪᠦᠦ ᠱᠠᠨ ᠲᠣᠭᠤᠷᠢᠭ ᠤᠨ ᠪᠥᠬᠦ ᠣᠷᠣᠨ ᠪᠦᠰᠡ ᠶᠢᠨ ᠠᠮᠢ ᠠᠬᠤᠢ ᠶᠢᠨ ᠴᠠᠭ | ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠶᠢᠨ ᠲᠣᠣᠷ ᠢ ᠪᠠᠶᠢᠭᠤᠯᠵᠤ᠂ ᠠᠮᠢ | ᠠᠬᠤᠢ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠠᠮᠢ ᠠᠬᠤᠢ ᠶᠢᠨ ᠶᠠᠰᠤ ᠴᠢᠨᠠᠷ ᠪᠠ ᠠᠮᠢ ᠠᠬᠤᠢ ᠶᠢᠨ ᠴᠢᠳᠠᠮᠵᠢ ᠶᠢ ᠰᠡᠷᠭᠦᠭᠡᠬᠦ ᠴᠠᠭ ᠠᠭᠤᠷ ᠢ | ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠵᠤ ᠂ ᠲᠤᠶᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ | ᠭᠠᠮᠰᠢᠭ ᠤᠨ ᠠᠮᠢ ᠠᠬᠤᠢ ᠶᠢᠨ ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ | ᠦᠢᠯᠡᠴᠢᠯᠡᠭᠡ ᠶᠢ ᠥᠷᠨᠢᠭᠦᠯᠦᠨ᠎ᠡ ᠃ ᠥᠨᠳᠥᠷ ᠢᠯᠭᠠᠮᠵᠢᠳᠤ ᠴᠠᠭ ᠠᠭᠤᠷ ᠤᠨ ᠳᠠᠭᠠᠭᠤᠯᠢ ᠤᠳᠤᠨ ᠤ ᠠᠯᠤᠰ ᠰᠡᠷᠡᠯ | ᠪᠠ ᠴᠠᠭ ᠠᠭᠤᠷ ᠤᠨ ᠨᠥᠬᠦᠴᠡᠯ ᠤᠨ ᠨᠥᠯᠥᠭᠡ ᠶᠢ ᠦᠨᠡᠯᠡᠨ ᠵᠢᠱᠢᠬᠦ ᠮᠡᠷᠭᠡᠵᠢᠯ ᠢ ᠬᠡᠷᠡᠭᠯᠡᠨ ᠂ ᠬᠤᠳᠠ ᠶᠢᠨ | ᠬᠠᠯᠠᠭᠤᠨ ᠠᠷᠠᠯ ᠵᠡᠷᠭᠡ ᠴᠠᠭ ᠠᠭᠤᠷ ᠢ ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠥᠷᠨᠢᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠬᠠᠷᠢᠭᠤᠴᠠᠨ᠎ᠠ︶ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ | ᠰᠢᠨᠵᠢᠯᠡᠬᠦ ᠤᠬᠠᠭᠠᠨᠴᠢ ᠪᠠᠷ ᠬᠦᠴᠦ ᠨᠡᠮᠡᠷᠢᠯᠡᠨ᠎ᠡ᠃ ᠡᠯᠡᠰᠦᠨ ᠰᠢᠭᠤᠷᠭ᠎ᠠ ᠵᠡᠷᠭᠡ ᠬᠦᠨᠳᠦ ᠪᠣᠬᠢᠷᠲᠤᠯ ᠲᠠᠢ ᠴᠠᠭ | ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ ᠃ ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠂ ᠠᠭᠠᠷ ᠤᠨ | ᠪᠣᠬᠢᠷᠲᠤᠯ ᠪᠣᠳᠠᠰ ᠤᠨ ᠲᠠᠷᠬᠠᠯᠲᠠ ᠶᠢᠨ ᠴᠠᠭ ᠠᠭᠤᠷ ᠤᠨ ᠨᠥᠬᠦᠴᠡᠯ ᠢ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ | ᠳᠡᠭᠡᠭᠰᠢᠯᠡᠭᠦᠯᠵᠦ ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠴᠠᠭ ᠠᠭᠤᠷ ᠤᠨ | ᠰᠠᠯᠠᠭ᠎ᠠ ᠮᠥᠴᠢᠷ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ᠂ ᠵᠥᠪᠳᠡᠯᠴᠡᠨ ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠵᠡᠷᠭᠡ ᠭᠡᠨᠡᠳᠲᠡ ᠡᠭᠦᠰᠬᠦ | ᠣᠷᠴᠢᠨ ᠲᠣᠭᠤᠷᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠬᠠᠷᠢᠭᠤᠴᠠᠨ᠎ᠠ︶ | 6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠪᠠ ᠲᠤᠶᠢᠯ ᠤᠨ | ᠠᠭᠤᠷ ᠠᠮᠢᠰᠬᠤᠯ ᠤᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ ᠂ ᠠᠭᠤᠷ ᠠᠮᠢᠰᠬᠤᠯ ᠤᠨ | ᠡᠬᠢ ᠪᠠᠶᠠᠯᠢᠭ ᠤᠨ ᠳᠠᠭᠠᠭᠠᠴᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠭᠡᠳᠬᠡᠵᠦ ᠂ ᠤᠰᠤᠨ ᠤ ᠡᠬᠢ | ᠪᠠᠶᠠᠯᠢᠭ ᠂ ᠠᠮᠤ ᠪᠤᠳᠠᠭᠠᠨ ᠤ ᠠᠮᠤᠷ ᠲᠦᠪᠰᠢᠨ ᠂ ᠠᠮᠢ ᠠᠬᠤᠢ ᠶᠢᠨ ᠠᠮᠤᠷ ᠲᠦᠪᠰᠢᠨ ᠂ ᠠᠵᠤ ᠦᠢᠯᠡᠰ ᠤᠨ | ᠪᠠᠶᠢᠷᠢᠰᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠨᠥᠯᠥᠭᠡ ᠶᠢ ᠦᠨᠡᠯᠡᠨ ᠵᠢᠱᠢᠬᠦ ᠠᠵᠢᠯ ᠢ | ᠠᠯᠬᠤᠮ ᠠᠯᠬᠤᠮ ᠢᠶᠠᠷ ᠥᠷᠨᠢᠭᠦᠯᠦᠨ᠎ᠡ ᠃ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠮᠢ ᠠᠬᠤᠢ ᠶᠢ | ᠬᠠᠮᠠᠭᠠᠯᠠᠬᠤ ᠪᠠ ᠰᠡᠷᠭᠦᠭᠡᠬᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠠᠭᠤᠷ | ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠲᠠ ᠪᠠ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠣᠮᠵᠢᠲᠤ | ᠴᠢᠨᠠᠷ ᠢ ᠨᠤᠲᠠᠯᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠪᠥᠬᠦ | ᠲᠣᠭᠤᠷᠢᠭ ᠤᠨ ᠬᠡᠪᠴᠢᠶᠡᠨ ᠳᠠᠬᠢ ᠴᠢᠬᠤᠯᠠ ᠶᠡᠭᠡ ᠲᠥᠯᠦᠪᠵᠢᠭᠦᠯᠭᠡ ᠂ ᠭᠤᠣᠯᠳᠠᠯᠭ᠎ᠠ ᠲᠠᠢ ᠢᠨᠵᠧᠨᠧᠷᠢᠩ ᠤᠨ | ᠲᠥᠷᠥᠯ ᠵᠦᠢᠯ ᠵᠡᠷᠭᠡ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠠᠮᠤᠷ ᠲᠦᠪᠰᠢᠨ ᠤ ᠨᠤᠲᠠᠯᠠᠯᠲᠠ ᠶᠢ | ᠥᠷᠨᠢᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ | ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠬᠠᠷᠢᠭᠤᠴᠠᠨ᠎ᠠ︶ | ︵ᠭᠤᠷᠪᠠ︶ ᠣᠲᠣ ᠦᠶ᠎ᠡ ᠶᠢᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡ ᠶᠢ | ᠰᠠᠶᠢᠲᠤᠷ ᠬᠢᠨ᠎ᠡ ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠬᠦᠷᠬᠦ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮ ᠢ ᠪᠠᠶᠢᠭᠤᠯᠵᠤ ᠂ ᠲᠠᠷᠢᠶᠠᠯᠠᠬᠤ | ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ ᠃ | ᠲᠠᠷᠢᠶᠠᠯᠠᠩ ᠤᠨ ᠲᠠᠷᠢᠮᠠᠯ ᠤᠨ ᠪᠦᠲᠦᠴᠡ ᠶᠢᠨ ᠳᠠᠭᠠᠭᠤᠯᠢ ᠤᠳᠤᠨ ᠤ ᠠᠯᠤᠰ ᠰᠡᠷᠡᠯ ᠤᠨ ᠨᠡᠶᠢᠳᠡᠮ | ᠪᠠᠶᠢᠴᠠᠭᠠᠯᠲᠠ ᠶᠢ ᠪᠡᠶᠡᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠠᠭᠤᠷ ᠠᠮᠢᠰᠬᠤᠯ ᠤᠨ ᠣᠷᠣᠨ | ᠤ ᠬᠤᠪᠢᠶᠠᠷᠢᠯᠠᠯ ᠪᠣᠯᠣᠨ ᠭᠤᠣᠯ ᠪᠣᠯᠬᠤ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ | ᠣᠷᠣᠨ ᠤ ᠬᠤᠪᠢᠶᠠᠷᠢᠯᠠᠯ ᠤᠨᠦᠷ᠎ᠡ ᠪᠦᠲᠦᠭᠡᠯ ᠢ ᠬᠡᠷᠡᠭᠯᠡᠨ ᠂ ᠲᠠᠷᠢᠶᠠᠯᠠᠬᠤ ᠣᠷᠣᠨ ᠤ ᠰᠢᠨ᠎ᠡ ᠡᠨᠧᠷᠭᠢ ᠶᠢᠨ ᠨᠡᠭᠡᠭᠡᠨ | ᠠᠰᠢᠭᠯᠠᠯᠲᠠ ᠪᠣᠯᠣᠨ ᠲᠠᠷᠢᠶᠠᠯᠠᠩ ᠤᠨ ᠭᠠᠮᠰᠢᠭ ᠤᠨ ᠳᠠᠭᠠᠳᠬᠠᠯ ᠤᠨ ᠲᠥᠯᠥᠪᠦᠷᠢ ᠵᠡᠷᠭᠡ ᠠᠵᠢᠯ ᠳᠤ ᠦᠢᠯᠡᠴᠢᠯᠡᠨ᠎ᠡ ᠃ | ᠬᠥᠳᠡᠭᠡ ᠲᠣᠰᠬᠤᠨ ᠤ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠭᠤᠷ ᠠᠮᠢᠰᠬᠤᠯ ᠤᠨ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠨ᠎ᠠ᠄ ︽ᠠᠭᠤᠷ ᠠᠮᠢᠰᠬᠤᠯ ᠤᠨ ᠰᠠᠶᠢᠨ ᠦᠢᠯᠡᠳᠬᠦᠨ︾᠂ ︽ᠪᠠᠶᠢᠭᠠᠯᠢ ᠶᠢᠨ | ᠬᠦᠴᠢᠯᠲᠥ᠋ᠷᠥᠭᠴᠢ ᠶᠢᠨ ᠪᠠᠭᠠᠷ︾ ᠵᠡᠷᠭᠡ᠃ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ ᠤᠨ ᠴᠠᠭ | ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ | ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶ | 8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ ᠃ ᠨᠠᠷᠢᠯᠢᠭᠵᠢᠭᠤᠯᠤᠭᠰᠠᠨ ᠂ ᠵᠤᠷᠰᠢᠯᠵᠢᠭᠤᠯᠤᠭᠰᠠᠨ ᠂ | ᠰᠢᠭᠤᠳ ᠨᠡᠪᠲᠡᠷᠡᠬᠦ ᠮᠠᠶ᠋ᠢᠭ ᠤᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠤᠰᠬᠠᠢ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠵᠦ ᠂ ᠲᠠᠷᠢᠶᠠᠯᠠᠩ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠴᠠᠭ ᠠᠭᠤᠷ ᠤᠨ | ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠨᠠᠷᠢᠯᠢᠭᠵᠢᠭᠤᠯᠬᠤ ᠠᠵᠢᠯ ᠢ ᠥᠷᠨᠢᠭᠦᠯᠦᠨ᠎ᠡ ᠃ ᠭᠤᠣᠯ ᠪᠣᠯᠬᠤ | ᠠᠮᠤ ᠪᠤᠳᠠᠭᠠᠨ ᠤ ᠲᠠᠷᠢᠮᠠᠯ ᠂ ᠴᠢᠬᠤᠯᠠ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠂ ᠭᠤᠣᠯ | ᠪᠣᠯᠬᠤ ᠣᠨᠴᠠᠯᠢᠭᠲᠤ ᠠᠵᠤ ᠠᠬᠤᠢ ᠶᠢᠨ ᠲᠠᠷᠢᠮᠠᠯ ᠢ ᠬᠠᠮᠤᠷᠤᠭᠰᠠᠨ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡᠨ ᠤ ᠮᠡᠷᠭᠡᠵᠢᠯ ᠤᠨ ᠰᠢᠰᠲ᠋ᠧᠮ ᠢ ᠪᠠᠶᠢᠭᠤᠯᠤᠨ᠎ᠠ ᠃ ᠳᠠᠭᠠᠭᠤᠯᠢ ᠤᠳᠤᠨ ᠤ ᠠᠯᠤᠰ ᠰᠡᠷᠡᠯ ᠤᠨ ᠬᠢᠨᠠᠨ | ᠬᠡᠮᠵᠢᠵᠦ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠪᠠ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ | ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ ᠂ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶ | ︵ᠳᠥᠷᠪᠡ︶ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠰᠡᠭᠦᠳᠡᠷ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ | 9. ᠠᠭᠠᠷ ᠲᠠᠬᠢ ᠡᠭᠦᠯᠡᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠢᠨᠵᠢᠯᠡᠬᠦ | ᠤᠬᠠᠭᠠᠨᠴᠢ᠂ ᠨᠠᠷᠢᠯᠢᠭ ᠣᠨᠣᠴᠠᠲᠠᠢ ᠪᠠᠷ ᠠᠵᠢᠯᠯᠠᠬᠤ ᠶᠢ ᠪᠠᠷᠢᠮᠲᠠᠯᠠᠨ᠎ᠠ᠃ ᠠᠵᠢᠯ ᠤᠨ ᠪᠠᠶᠢᠷᠢᠰᠢᠯ ᠳᠤ | ᠲᠣᠬᠢᠷᠠᠭᠤᠯᠤᠯᠲᠠ ᠬᠢᠵᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ | ᠲᠠᠷᠢᠶᠠᠯᠠᠩ ᠤᠨ ᠠᠵᠤ ᠠᠬᠤᠢ ᠶᠢᠨ ᠦᠢᠯᠡᠳᠪᠦᠷᠢᠯᠡᠯ ᠤᠨ ᠣᠷᠣᠨ ᠳᠤ ᠴᠢᠭᠯᠡᠭᠦᠯᠦᠨ᠂ ᠬᠥᠮᠥᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠠᠵᠢᠯ ᠤᠨ ᠤᠳᠠᠭ᠎ᠠ ᠶᠢ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠭᠤᠣᠯ ᠮᠥᠷᠡᠨ ᠵᠡᠷᠭᠡ | ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠭᠠᠵᠠᠷ ᠤᠨ ᠲᠣᠭᠤᠷᠢᠨ ᠳᠤ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ | ᠬᠥᠮᠥᠨ ᠤ ᠬᠦᠴᠦ ᠪᠠᠷ ᠪᠣᠷᠣᠭᠠᠨ ᠴᠠᠰᠤ ᠨᠡᠮᠡᠭᠳᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠣᠶ ᠰᠢᠭᠤᠢ | ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ᠂ ᠭᠠᠩ ᠬᠠᠭᠤᠷᠠᠢ᠂ ᠮᠥᠨᠳᠥᠷ ᠵᠡᠷᠭᠡ ᠬᠦᠨᠳᠦ ᠶᠡᠭᠡ ᠭᠠᠢ | ᠭᠠᠮᠰᠢᠭ ᠵᠢᠴᠢ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠲᠣᠪᠴᠢᠶ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠡᠯ᠎ᠡ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠠᠷᠢᠭᠤᠴᠠᠨ᠎ᠠ︶ | 10. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ | ᠬᠥᠳᠡᠯᠦᠯᠴᠡᠭᠰᠡᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠥᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ︽ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠬᠠᠮᠢᠶᠠᠷᠤᠯᠲᠠ ᠶᠢᠨ ᠳᠦᠷᠢᠮ ︾ ᠢ ᠰᠠᠶᠢᠲᠤᠷ ᠨᠠᠶᠢᠳᠠᠪᠤᠷᠢᠵᠢᠭᠤᠯᠤᠨ᠎ᠠ ᠃ ᠬᠥᠮᠥᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠠᠮᠤᠷ ᠲᠦᠪᠰᠢᠨ ᠢᠶᠠᠷ ᠠᠵᠢᠯᠯᠠᠬᠤ ᠬᠥᠮᠥᠨ ᠤ ᠰᠡᠭᠦᠳᠡᠷ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ | ᠬᠠᠮᠢᠶᠠᠷᠤᠯᠲᠠ ᠶᠢᠨ ᠰᠢᠰᠲ᠋ᠧᠮ ᠢ ᠴᠢᠩᠭᠠᠷᠠᠭᠤᠯᠵᠤ ᠂ ᠲᠣᠨᠣᠭᠯᠠᠯ ᠂ ᠰᠤᠮᠤ ᠲᠠᠷᠢ ᠵᠢᠴᠢ ᠠᠵᠢᠯᠲᠠᠨ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ︵ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠂ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶ | ︵ ᠲᠠᠪᠤ ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ | 11. ᠭᠤᠣᠯᠳᠠᠯᠭ᠎ᠠ ᠲᠠᠢ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠰᠠᠯᠬᠢᠨ | ᠡᠨᠧᠷᠭᠢ ᠂ ᠨᠡᠷᠡᠨ ᠡᠨᠧᠷᠭᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠥᠷᠨᠢᠭᠦᠯᠵᠦ ᠂ | ᠰᠠᠯᠬᠢᠨ ᠬᠦᠴᠦᠨ ᠤ ᠴᠠᠬᠢᠯᠭᠠᠨ ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠂ ᠠᠮᠢᠳᠤ ᠪᠣᠳᠠᠰ ᠤᠨ ᠮᠠᠰ ᠡᠨᠧᠷᠭᠢ | ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠲᠣᠣᠷ ᠢ ᠠᠯᠬᠤᠮ ᠠᠯᠬᠤᠮ ᠢᠶᠠᠷ ᠪᠠᠶᠢᠭᠤᠯᠵᠤ ᠂ ᠵᠠᠮ | ᠬᠠᠷᠢᠯᠴᠠᠭᠠᠨ ᠤ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠮᠰᠢᠭ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ | ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ ︵ ᠲᠣᠭᠤᠷᠢᠭ ᠤᠨ | ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ | ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶ | 12. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠤᠭᠠᠴᠠᠯᠠᠭᠰᠠᠨ ᠴᠠᠭ ᠠᠭᠤᠷ ᠢ ᠬᠤᠳᠠ ᠶᠢᠨ ᠠᠵᠢᠯᠯᠠᠭᠠᠨ ᠤ ᠪᠦᠲᠦᠭᠡᠨ ᠪᠠᠶᠢᠭᠤᠯᠤᠯᠲᠠ ᠳᠤ ᠠᠭᠤᠰᠬᠠᠨ | ᠣᠷᠣᠭᠤᠯᠬᠤ ᠶᠢ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ᠂ ᠢᠯᠴᠢ ᠬᠠᠩᠭᠠᠬᠤ᠂ ᠴᠠᠰᠤ | ᠠᠷᠢᠯᠭᠠᠬᠤ ᠵᠡᠷᠭᠡ ᠲᠤᠰᠬᠠᠢ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠡ᠃ ᠬᠤᠳᠠ ᠶᠢᠨ | ᠤᠰᠤᠲᠤᠯ ᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ ᠂ ᠬᠤᠳᠠ ᠶᠢᠨ ᠤᠰᠤᠲᠤᠯ ᠤᠨ ᠴᠠᠭ | ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ ᠃ ︵ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶ | 13. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠡ ᠃ ᠤᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠳᠤ ᠣᠷᠣᠭᠤᠯᠵᠤ ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠬᠥᠭᠵᠢᠯᠲᠡ ᠶᠢ | ᠨᠢᠭᠡᠳᠦᠯᠲᠡᠢ ᠴᠡᠴᠡᠭ ᠤᠨ ᠲᠣᠭᠤᠰᠣᠨ ᠳᠤ ᠬᠠᠷᠰᠢᠬᠤ᠂ ᠥᠨᠳᠥᠷ ᠬᠠᠯᠠᠭᠤᠨ ᠳᠤ ᠨᠠᠷᠠᠰᠢᠬᠤ ᠵᠡᠷᠭᠡ ᠡᠷᠡᠭᠦᠯ | ᠴᠢᠭᠢᠷᠠᠭ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠦᠢᠯᠡᠳᠬᠦᠨ ᠢ | ᠰᠤᠳᠤᠯᠤᠨ ᠨᠡᠭᠡᠭᠡᠨ᠎ᠡ᠃ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢ ᠠᠰᠢᠭᠯᠠᠨ᠂ ᠡᠮᠦᠰᠬᠦ᠂ | ᠢᠳᠡᠬᠦ᠂ ᠰᠠᠭᠤᠬᠤ᠂ ᠶᠠᠪᠤᠬᠤ ᠵᠡᠷᠭᠡ ᠶᠢᠨ ᠲᠣᠭᠤᠷᠢᠨ ᠳᠤ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ | ᠬᠠᠩᠭᠠᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠯᠠᠨ ᠨᠡᠶᠢᠲᠡ ᠶᠢᠨ ᠴᠠᠭ ᠠᠭᠤᠷ ᠤᠨ ᠠᠮᠤᠷ ᠲᠦᠪᠰᠢᠨ ᠤ ᠤᠬᠠᠮᠰᠠᠷ | ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠲᠣᠪᠴᠢᠶ᠎ᠠ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠤᠰ ᠣᠷᠣᠨᠴᠢᠯᠠᠬᠤ | ᠰᠤᠳᠤᠯᠭᠠᠨ ᠢ ᠲᠦᠯᠬᠢᠨ ᠠᠬᠢᠭᠤᠯᠵᠤ ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠳᠡᠭᠡᠳᠦ | ᠢᠯᠭᠠᠮᠵᠢᠳᠤ ᠣᠶᠤᠨᠲᠤ ᠲᠣᠣᠷ ᠤᠨ ᠦᠢᠯᠡᠳᠬᠦᠨ ᠂ ᠴᠠᠭ ᠠᠭᠤᠷ ᠤᠨ ᠳᠠᠭᠠᠭᠤᠯᠢ ᠤᠳᠤ ᠪᠠ ᠷᠠᠳᠠᠷ ᠤᠨ ᠲᠤᠭ᠎ᠠ | ᠪᠠᠷᠢᠮᠲᠠ ᠶᠢᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠭᠠᠮᠰᠢᠭᠲᠤ ᠴᠠᠭ ᠠᠭᠤᠷ ᠢᠯᠠᠩᠭᠤᠶ᠎ᠠ ᠴᠢᠩᠭ᠎ᠠ | ᠰᠣᠯᠢᠭ ᠤᠷᠤᠰᠬᠠᠯ ᠤᠨ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ ᠃ ᠥᠨᠳᠥᠷ ᠢᠯᠭᠠᠮᠵᠢᠳᠤ ᠳᠠᠭᠠᠭᠤᠯᠢ ᠤᠳᠤᠨ ᠤ ᠠᠯᠤᠰ ᠰᠡᠷᠡᠯ ᠤᠨ ᠮᠡᠷᠭᠡᠵᠢᠯ ᠢ ᠤᠯᠠᠨ | ᠬᠦᠷᠢᠶᠡᠨ ᠳᠤ ᠲᠤᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠨ᠎ᠠ ᠃ ︵ᠲᠣᠭᠤᠷᠢᠭ ᠤᠨ ᠴᠠᠭ ᠠᠭᠤᠷ ᠤᠨ | ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠥᠨᠳᠥᠷ ᠢᠯᠭᠠᠮᠵᠢᠲᠤ ᠳᠠᠭᠠᠭᠤᠯᠢ ᠣᠳᠣᠨ ᠤ ᠬᠡᠷᠡᠭᠯᠡᠯᠲᠡ᠂ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠢᠩᠭ᠎ᠠ ᠰᠣᠯᠢᠭ | ᠤᠷᠤᠰᠬᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠲᠣᠭᠤᠷᠢᠨ ᠳᠤ᠂ ᠭᠠᠵᠠᠷ ᠣᠷᠣᠨ᠂ ᠰᠠᠯᠠᠭ᠎ᠠ ᠮᠥᠴᠢᠷ᠂ ᠰᠢᠨᠵᠢᠯᠡᠭᠡᠨ ᠤ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠪᠣᠭᠤᠮᠲᠠ ᠰᠢᠪᠲᠤᠯᠬᠤ ᠪᠠ ᠲᠥᠪᠯᠡᠷᠡᠭᠦᠯᠦᠨ ᠰᠢᠨ᠎ᠡ ᠶᠢ ᠡᠭᠦᠳᠬᠦ ᠶᠢ ᠥᠷᠨᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠭᠰᠠᠨ᠂ ᠰᠠᠯᠠᠭ᠎ᠠ ᠮᠥᠴᠢᠷ ᠠᠵᠤ | ᠠᠬᠤᠶᠢᠯᠠᠯ ᠤᠨ ᠭᠦᠨᠵᠡᠭᠡᠢ ᠬᠠᠮᠲᠤᠷᠠᠯᠴᠠᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ᠎ᠠ᠃ ︵ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ | ᠬᠠᠷᠢᠭᠤᠴᠠᠨ᠎ᠠ︶ | ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ | ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠥᠨ᠎ᠡ᠃ | 16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠢᠬᠤᠯᠠ ᠴᠠᠭ ᠠᠭᠤᠷ ᠤᠨ ᠠᠭᠤᠷ ᠠᠮᠢᠰᠬᠤᠯ ᠤᠨ | ᠣᠷᠣᠨ ᠂ ᠴᠠᠭ ᠠᠭᠤᠷ ᠤᠨ ᠠᠵᠢᠭᠯᠠᠯᠲᠠ ᠪᠠᠷ ᠪᠠᠭᠤᠷᠠᠢ ᠣᠷᠣᠨ ᠂ ᠭᠠᠵᠠᠷ ᠤᠨ ᠭᠠᠢ ᠭᠠᠮᠰᠢᠭ ᠠᠮᠠᠷᠬᠠᠨ ᠡᠭᠦᠰᠳᠡᠭ | ᠣᠷᠣᠨ ᠂ ᠭᠤᠣᠯᠳᠠᠯᠭ᠎ᠠ ᠲᠠᠢ ᠠᠵᠤ ᠠᠬᠤᠢ ᠶᠢᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠴᠠᠭ | ᠠᠭᠤᠷ ᠤᠨ ᠭᠠᠢ ᠭᠠᠮᠰᠢᠭ ᠢ ᠬᠢᠨᠠᠨ ᠬᠡᠮᠵᠢᠬᠦ ᠠᠵᠢᠯ ᠢ ᠲᠡᠭᠦᠯᠳᠡᠷᠵᠢᠭᠦᠯᠦᠨ᠎ᠡ ᠃ ᠵᠢᠯᠣᠭᠤᠴᠢ ᠦᠭᠡᠢ ᠨᠢᠰᠬᠡᠯ ᠤᠨ | ᠠᠯᠤᠰ ᠰᠡᠷᠡᠯ ᠤᠨ ᠬᠢᠨᠠᠨ ᠬᠡᠮᠵᠢᠯᠲᠡ ᠶᠢ ᠥᠷᠨᠢᠭᠦᠯᠵᠦ᠂ ᠨᠡᠶᠢᠲᠡᠯᠢᠭ ᠣᠷᠣᠨ ᠪᠦᠰᠡ ᠶᠢᠨ ᠠᠮᠢ ᠠᠬᠤᠢ ᠶᠢᠨ | ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠴᠠᠭ ᠠᠭᠤᠷ ᠤᠨ ᠪᠡᠯᠡᠳᠬᠡᠮᠵᠢ ᠪᠠ ᠴᠠᠭ | ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠴᠢᠩᠭᠠᠷᠠᠭᠤᠯᠤᠨ᠎ᠠ᠃ ︵ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶ | 17. ᠨᠠᠷᠢᠯᠢᠭ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠳᠤᠮᠳᠠᠳᠤ ᠤᠯᠤᠰ ᠤᠨ | ᠴᠠᠭ ᠠᠭᠤᠷ ᠤᠨ ᠲᠣᠪᠴᠢᠶ᠎ᠠ ᠶᠢᠨ ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠬᠦ ᠰᠢᠰᠲ᠋ᠧᠮ ᠳᠤ ᠲᠦᠰᠢᠭᠯᠡᠨ᠂ | ᠥᠨᠳᠥᠷ ᠢᠯᠭᠠᠮᠵᠢᠲᠤ ᠪᠣᠳᠠᠲᠤ ᠪᠠᠶᠢᠳᠠᠯ ᠤᠨ ᠦᠢᠯᠡᠳᠬᠦᠨ᠂ ᠪᠣᠳᠠᠲᠤ ᠪᠠᠶᠢᠳᠠᠯ ᠳᠤ ᠳᠠᠬᠢᠨ ᠵᠠᠳᠠᠯᠤᠯᠲᠠ ᠬᠢᠬᠦ | ᠦᠢᠯᠡᠳᠬᠦᠨ ᠢ ᠦᠢᠯᠡᠳᠴᠦ᠂ ᠲᠤᠬᠠᠢ ᠶᠢᠨ ᠴᠠᠭ ᠤᠨ ᠠᠵᠢᠭᠯᠠᠯᠲᠠ ᠶᠢᠨ ᠮᠠᠲ᠋ᠧᠷᠢᠶᠠᠯ ᠢ ᠶᠡᠷᠦᠩᠬᠡᠶᠢᠯᠡᠨ ᠬᠡᠷᠡᠭᠯᠡᠬᠦ | ᠪᠣᠳᠠᠲᠤ ᠪᠠᠶᠢᠳᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠣᠬᠤᠷ ᠴᠠᠭ ᠤᠨ ᠣᠶᠢᠷ᠎ᠠ ᠬᠠᠪᠢ ᠶᠢᠨ | ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠴᠢᠩᠭᠠᠳᠬᠠᠵᠤ᠂ ᠰᠢᠷᠦᠭᠦᠨ | ᠪᠣᠷᠣᠭᠠᠨ ︵ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ ᠴᠠᠭ ᠤᠨ ᠰᠢᠷᠦᠭᠦᠨ ᠪᠣᠷᠣᠭᠠᠨ ᠵᠡᠷᠭᠡ | ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ︵ | ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶ | 18. ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠲᠦ | ᠪᠣᠳᠣᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ ᠂ ᠭᠠᠮᠰᠢᠭ ᠤᠨ ᠲᠦᠷᠦᠯ ᠵᠦᠢᠯ ᠪᠠ | ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ | ᠦᠢᠯᠡᠳᠬᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ | ᠦᠢᠯᠡᠴᠢᠯᠡᠭᠡᠨ ᠤ ᠦᠢᠯᠡᠳᠬᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ | ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠢ ᠴᠠᠭ | ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠢ ᠴᠠᠭ | ᠠᠭᠤᠷ ᠤᠨ ᠦᠢᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ | ᠠᠬᠢᠭᠤᠯᠤᠨ᠎ᠠ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠴᠠ ᠬᠠᠷᠢᠭᠤᠴᠠᠨ᠎ᠠ︶ | 19. ᠴᠠᠭ ᠠᠭᠤᠷ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠴᠢᠮᠡᠭᠡ ᠬᠤᠯᠪᠣᠭ᠎ᠠ ᠶᠢᠨ ᠰᠦᠯᠵᠢᠶ᠎ᠡ ᠶᠢᠨ ᠳᠠᠮᠵᠢᠭᠤᠯᠬᠤ ᠬᠤᠷᠳᠤᠴᠠ ᠶᠢ | ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠬᠤᠭᠤᠴᠠᠭᠠᠲᠤ ᠴᠢᠨᠠᠷ ᠢ ᠦᠨᠡᠨᠬᠦ ᠪᠠᠲᠤᠯᠠᠨ᠎ᠠ᠃ ᠮᠡᠳᠡᠭᠡ ᠵᠠᠩᠭᠢ ᠶᠢᠨ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠴᠠᠭ ᠠᠭᠤᠷ ᠤᠨ ᠮᠡᠳᠡᠭᠡ ᠵᠠᠩᠭᠢ ᠶᠢᠨ | ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ ᠂ ᠰᠦᠯᠵᠢᠶᠡᠨ ᠤ ᠠᠮᠤᠷ | ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠰᠦᠯᠵᠢᠶᠡᠨ ᠤ ᠠᠮᠤᠷ ᠲᠦᠪᠰᠢᠨ ᠤ ᠰᠢᠰᠲ᠋ᠧᠮ | ᠪᠣᠯᠣᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠡᠷᠭᠡ ᠪᠠᠷ ᠲᠥᠯᠥᠪᠵᠢᠭᠦᠯᠬᠦ ᠂ ᠪᠠᠶᠢᠭᠤᠯᠬᠤ ᠂ ᠠᠵᠢᠯᠯᠠᠭᠤᠯᠬᠤ ᠶᠢ | ︵ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠂ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠂ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ︶ | ᠭᠤᠷᠪᠠ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠠᠨ ᠤ ᠲᠣᠭᠤᠷᠢᠭ ᠤᠨ | ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠤᠯᠪᠤᠭᠠᠯᠠᠨ | ᠬᠥᠳᠡᠯᠦᠯᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠂ ᠣᠨᠴᠠᠭᠠᠶᠢᠯᠠᠨ | ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠠᠨ ᠤ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ | ᠬᠥᠭᠵᠢᠯᠲᠡ ᠶᠢᠨ ᠠᠵᠢᠯ ᠢ ᠥᠨᠳᠥᠷ ᠪᠠᠶᠢᠷᠢᠨ ᠳᠤ ᠠᠬᠢᠭᠤᠯᠤᠨ᠎ᠠ᠃ | ᠳᠤᠭᠤᠶᠢᠯᠠᠩ ᠤᠨ ᠳᠠᠷᠤᠭ᠎ᠠ᠄ ᠯᠢ ᠽᠥᠩ ᠮᠧᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠸᠠᠩ ᠯᠧᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠮᠧᠩ ᠹᠠᠨ ᠹᠦ᠋ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶᠠᠨ ᠤ ᠳᠠᠷᠤᠭ᠎ᠠ | ᠪᠥᠷᠢᠯᠳᠥᠭᠦᠨ᠄ ᠬᠤᠸᠠᠩ ᠵᠢᠶᠠᠨ ᠵᠢᠶᠦ᠋ᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ | ᠳ᠋ᠦᠩ ᠰᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠯᠢ ᠰᠢᠤᠸᠠᠢ ᠰᠥᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠢ ᠨᠥᠭᠡᠴᠡᠯᠡᠨ ᠡᠮᠬᠢᠯᠡᠬᠦ ᠲᠥᠪ ᠤᠨ | ᠡᠷᠬᠢᠯᠡᠭᠴᠢ | ᠰᠦᠨ ᠵᠦᠩ ᠢᠦᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠪᠠ ᠨᠡᠶᠢᠭᠡᠮ ᠤᠨ | ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠭᠦᠸᠧ ᠸᠧᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ | ᠯᠢ ᠹᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶᠠᠨ ᠤ ᠳᠡᠳ᠋ ᠳᠠᠷᠤᠭ᠎ᠠ | ᠵᠢᠶᠠ ᠴᠠᠩ ᠴᠢᠩ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠵᠠᠩ ᠪᠦᠦ ᠵᠢᠶᠦ᠋ᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠶᠠᠩ ᠯᠧᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ | ᠯᠢᠦᠢ ᠶᠢᠨ ᠯᠢᠶᠠᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ | ᠳᠠᠷᠤᠭ᠎ᠠ | ᠸᠠᠩ ᠰᠢᠸ ᠭᠦᠸᠧ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠪᠢᠶᠠᠷᠢ | ᠲᠣᠪᠴᠢᠶ᠎ᠠ ᠶᠢᠨ ᠳᠡᠳ᠋ ᠳᠠᠷᠤᠭ᠎ᠠ | ᠯᠢ ᠴᠧᠩ ᠢᠦᠢ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶᠠᠨ ᠤ ᠳᠡᠳ᠋ | ᠳᠠᠷᠤᠭ᠎ᠠ | ᠯᠦ ᠵᠠᠨ ᠸᠧᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ | ᠸᠠᠩ ᠬᠤᠤ ᠷᠠᠨ ᠲᠣᠭᠤᠷᠢᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ | ᠳᠠᠷᠤᠭ᠎ᠠ | ᠯᠢ ᠢᠦᠢ ᠮᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠼᠦᠩ ᠯᠦᠩ ᠪᠢᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠢᠦᠢ ᠶᠠᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠠᠮᠵᠢᠯᠴᠠᠨ᠎ᠠ︶ | ᠴᠠᠩ ᠭᠧ ᠵᠢᠶᠦ᠋ᠨ ᠴᠡᠷᠢᠭ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠴᠢᠨ ᠯᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠵᠤᠤ ᠭᠤᠸᠠᠩ ᠮᠢᠩ ᠲᠣᠭᠤᠷᠢᠭ ᠤᠨ ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ | ᠴᠧᠨ ᠲᠢᠶᠠᠨ ᠳ᠋ᠠ ᠲᠣᠭᠤᠷᠢᠭ ᠤᠨ ᠨᠢᠭᠡᠳᠦᠮᠡᠯ ᠬᠤᠯᠪᠣᠭ᠎ᠠ ᠶᠢᠨ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ | ᠭᠧ ᠵᠢᠶᠠᠨ ᠶᠢᠩ ᠲᠣᠭᠤᠷᠢᠭ ᠤᠨ ᠴᠠᠬᠢᠯᠭᠠᠨ ᠬᠤᠯᠪᠣᠭᠠᠨ ᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠴᠠᠭ ᠠᠭᠤᠷ ᠤᠨ ᠳᠠᠪᠬᠤᠷ | ᠲᠥᠯᠥᠪᠯᠡᠭᠡᠲᠦ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠣᠷᠣᠨ ᠨᠤᠲᠤᠭ ᠤᠨ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠡᠯᠡ ᠮᠥᠩᠭᠦ ᠶᠢᠨ ᠳᠡᠮᠵᠢᠯᠭᠡ ᠪᠠ ᠵᠠᠰᠠᠭ ᠤᠨ ᠣᠷᠳᠣᠨ ᠤ ᠴᠠᠭ | ᠠᠭᠤᠷ ᠤᠨ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠂ ᠣᠷᠣᠨ ᠨᠤᠲᠤᠭ ᠤᠨ ᠴᠠᠭ | ᠠᠭᠤᠷ ᠤᠨ ᠦᠢᠯᠡᠰ ᠤᠨ ᠠᠵᠢᠯᠯᠠᠭᠠᠨ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ | ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ︵ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠲᠣᠭᠤᠷᠢᠭ ᠤᠨ ᠴᠠᠭ ᠠᠭᠤᠷ | ᠤᠨ ᠬᠤᠪᠢᠶᠠᠷᠢ ᠲᠣᠪᠴᠢᠶ᠎ᠠ ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠭᠤᠴᠠᠨ᠎ᠠ ︶ | ︵ ᠭᠤᠷᠪᠠ ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ ᠃ ᠣᠷᠣᠨ ᠨᠤᠲᠤᠭ ᠤᠨ ᠴᠠᠭ ᠠᠭᠤᠷ ᠤᠨ | ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠂ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠳᠦᠷᠢᠮ | ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠵᠢᠴᠢ ᠲᠤᠭᠤᠰᠢᠯᠠᠭᠤᠯᠤᠨ | ᠬᠡᠷᠡᠭᠵᠢᠭᠦᠯᠬᠦ ᠠᠵᠢᠯ ᠢ ᠲᠦᠯᠬᠢᠨ ᠠᠬᠢᠭᠤᠯᠤᠨ᠎ᠠ ᠃ ᠴᠠᠭ ᠠᠭᠤᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ | ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ ᠃ ᠲᠤᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ | ᠦᠨᠳᠦᠰᠦᠯᠡᠨ ᠂ ᠬᠤᠳᠠ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠵᠡᠷᠭᠡ | ᠠᠭᠤᠯᠭ᠎ᠠ ᠶᠢᠨ ᠲᠣᠭᠤᠷᠢᠨ ᠳᠤ ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠪᠠ | ᠴᠠᠭ ᠠᠭᠤᠷ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢ ᠬᠡᠷᠡᠭᠯᠡᠬᠦ ᠶᠢ ᠠᠬᠢᠭᠤᠯᠤᠨ᠎ᠠ ᠃ ︵ ᠲᠣᠭᠤᠷᠢᠭ ᠤᠨ ᠴᠠᠭ | ᠠᠭᠤᠷ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ︶ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠮᠡᠷᠭᠡᠵᠢᠯᠲᠡᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠰᠬᠠᠢ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠴᠢᠳᠠᠪᠤᠷᠢᠲᠠᠨ ᠤ ᠢᠨᠵᠧᠨᠧᠷᠢᠩ ︵ | ᠲᠥᠯᠥᠪᠯᠡᠭᠡ︶᠂ ᠰᠢᠨ᠎ᠡ ᠶᠢ ᠡᠭᠦᠳᠬᠦ ᠪᠦᠯᠬᠦᠮ ᠨᠡᠶᠢᠲᠡ᠂ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠰᠢᠯᠢᠨ | ᠰᠣᠩᠭᠤᠬᠤ ᠬᠡᠪᠴᠢᠶᠡᠨ ᠳᠤ ᠣᠷᠣᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ | ᠠᠮᠢᠳᠤᠷᠠᠯ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ ᠨᠤᠲᠤᠭ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ︵ ᠲᠣᠭᠤᠷᠢᠭ ᠤᠨ ᠴᠠᠭ ᠠᠭᠤᠷ ᠤᠨ | ᠬᠤᠪᠢᠶᠠᠷᠢ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠬᠠᠷᠢᠭᠤᠴᠠᠨ᠎ᠠ︶ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠴᠠᠭ | ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠠᠮᠢᠶ᠎ᠠ ᠪᠦᠬᠦᠢ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ | ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠲᠣᠬᠢᠷᠠᠭᠤᠯᠤᠨ | ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ︵ ᠲᠣᠭᠤᠷᠢᠭ ᠤᠨ ᠴᠠᠭ ᠠᠭᠤᠷ ᠤᠨ ᠬᠤᠪᠢᠶᠠᠷᠢ | ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠬᠠᠷᠢᠭᠤᠴᠠᠨ᠎ᠠ︶ | ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ | ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 7 ᠰᠠᠷ᠎ᠠ ᠶᠢᠨ 3 ᠤ ᠡᠳᠦᠷ | |