︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/6
    ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠨᠢᠭᠡ ᠂ ᠵᠢᠯᠤᠭᠤᠳᠬᠤ ᠦᠵᠡᠯ ᠰᠠᠨᠠᠭ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ︽ᠨᠢᠭᠡ ᠬᠤᠲᠠ ᠭᠤᠷᠪᠠᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ᠂ ᠬᠤᠲᠠ᠂ ᠬᠥᠮᠥᠨ ᠠᠮᠠ ᠴᠢᠳᠠᠪᠤᠷᠢᠲᠠᠨ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ︽ᠳᠥᠷᠪᠡ ᠶᠢ ᠳᠠᠬᠢᠨ ᠪᠤᠢ ᠪᠣᠯᠭᠠᠬᠤ︾᠎ ᠶᠢ ᠠᠬᠢᠭᠤᠯᠤᠨ᠎ᠠ ᠃ ᠬᠢᠨᠠᠨ ᠬᠡᠮᠵᠢᠬᠦ ᠎ ᠨᠢ ᠨᠠᠷᠢᠯᠢᠭ ᠨᠢᠭᠲᠠ᠂ ᠤᠷᠢᠳᠴᠢᠯᠠᠨ ᠮᠡᠳᠡᠭᠡᠯᠡᠬᠦ ᠨᠢ ᠨᠠᠷᠢᠯᠢᠭ ᠣᠨᠤᠪᠴᠢᠲᠠᠢ᠂ ᠦᠢᠯᠡᠴᠢᠯᠡᠭᠡ ᠨᠢ ᠨᠠᠷᠢᠨ ᠨᠢᠮᠪᠠᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠣᠲᠣ ᠦᠶ᠎ᠡ ᠶᠢᠨ ᠴᠠᠭ ᠠᠭᠤᠷ ᠤᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠎ ᠤᠨ ᠪᠠᠶᠠᠨ ᠴᠢᠨᠡᠭᠡᠯᠢᠭ᠂ ᠠᠮᠢ ᠠᠬᠤᠢ ᠶᠢᠨ ᠰᠠᠶᠢᠨ ᠰᠠᠶᠢᠬᠠᠨ ᠢ ᠪᠥᠬᠦ ᠲᠠᠯ᠎ᠠ ᠪᠠᠷ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ ᠣᠨᠴᠠᠭᠠᠶᠢᠯᠠᠨ ︽ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠰᠢᠨ᠎ᠡ ᠪᠠᠶᠢᠳᠠᠯ ᠤᠨ ᠳᠣᠣᠷᠠᠬᠢ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ᠂ ᠡᠭᠦᠷᠭᠡ ᠵᠢᠴᠢ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃    ᠬᠤᠶᠠᠷ ᠂ ᠬᠥᠭᠵᠢᠯᠲᠡ ᠶᠢᠨ ᠬᠠᠷᠠᠯᠲᠠ    2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠢ ᠣᠳᠣᠬᠢᠴᠢᠯᠠᠭᠰᠠᠨ ᠴᠠᠭ ᠠᠭᠤᠷ ᠤᠨ ᠠᠵᠢᠭᠯᠠᠯᠲᠠ᠂ ᠤᠷᠢᠳᠴᠢᠯᠠᠭᠰᠠᠨ ᠮᠡᠳᠡᠭᠡ᠂ ᠦᠢᠯᠡᠴᠢᠯᠡᠭᠡ᠂ ᠰᠢᠨ᠎ᠡ ᠶᠢ ᠡᠭᠦᠳᠬᠦ ᠪᠠ ᠵᠠᠰᠠᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠠᠮᠤᠷ ᠲᠦᠪᠰᠢᠨ ᠴᠠᠭ ᠠᠭᠤᠷ᠂ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ᠂ ᠴᠠᠭ ᠠᠭᠤᠷ ᠤᠨ ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠡᠷᠭᠡ ᠬᠦᠷᠢᠶ᠎ᠡ ᠴᠠᠷᠠᠭ᠎ᠠ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃    2035 ᠣᠨ ᠪᠣᠯᠬᠤ ᠳᠤ ᠶᠤᠸᠠᠨ ᠪᠦᠦ ᠱᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠂ ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠨᠡᠩ ᠢᠯᠡᠷᠬᠡᠢ ᠪᠣᠯᠭᠠᠨ᠎ᠠ ᠃ ᠬᠡᠷᠡᠭᠴᠡᠭᠡ ᠶᠢ ᠬᠠᠩᠭᠠᠭᠰᠠᠨ ᠂ ᠣᠨᠴᠠᠯᠢᠭ ᠢᠯᠡ ᠲᠣᠳᠣ ᠂ ᠮᠡᠷᠭᠡᠵᠢᠯ ᠲᠡᠷᠢᠭᠦᠨ ᠤ ᠂ ᠠᠮᠢᠵᠢᠷᠠᠯ ᠤᠨ ᠬᠦᠴᠦᠨ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ ᠂ ᠴᠠᠭ ᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠳᠤ ᠡᠨᠧᠷᠭᠢ  ᠣᠯᠭᠤᠬᠤ ᠶᠢ ᠨᠡᠩ ᠢᠯᠡᠳᠲᠡ ᠪᠣᠯᠭᠠᠵᠤ ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠂ ᠦᠢᠯᠡᠳᠪᠦᠷᠢᠯᠡᠯ ᠢ ᠬᠥᠭᠵᠢᠭᠦᠯᠬᠦ ᠂ ᠠᠮᠢᠳᠤᠷᠠᠯ ᠢ ᠴᠢᠨᠡᠭᠡᠯᠢᠭᠵᠢᠭᠦᠯᠬᠦ ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃    ᠭᠤᠷᠪᠠ ᠂ ᠭᠤᠣᠯ ᠡᠭᠦᠷᠭᠡ    ︽ᠬᠡᠷᠡᠭᠵᠢᠭᠦᠯᠬᠦ ᠲᠥᠰᠥᠯ︾᠎ ᠳᠤ ᠲᠤᠯᠤᠭᠠᠨ ᠲᠠᠯ᠎ᠠ ᠶᠢᠨ ᠭᠤᠣᠯ ᠡᠭᠦᠷᠭᠡ ᠶᠢ ᠳᠤᠷᠠᠳᠤᠨ ᠭᠠᠷᠭᠠᠪᠠ᠄ ᠨᠢᠭᠡ ᠳᠤ ᠂ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ︔ ᠬᠤᠶᠠᠷ ᠲᠤ ᠂ ᠠᠮᠢ ᠠᠬᠤᠢ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠤᠨ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠬᠦ ᠪᠠᠲᠤᠯᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ ︔ ᠭᠤᠷᠪᠠ ᠳᠤ ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯᠣᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ︔ ᠳᠥᠷᠪᠡ ᠳᠤ ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠠᠮᠢ ᠠᠬᠤᠢ ᠶᠢ ᠰᠡᠷᠭᠦᠭᠡᠬᠦ ᠬᠡᠯᠪᠡᠷᠢ ᠶᠢᠨ ᠬᠥᠮᠥᠨ ᠤ ᠬᠦᠴᠦ ᠪᠠᠷ ᠨᠥᠯᠥᠭᠡᠯᠡᠬᠦ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ ︔ ᠲᠠᠪᠤ ᠳᠤ ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ︔ ᠵᠢᠷᠭᠤᠭ᠎ᠠ ᠳᠤ ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠥᠨ᠎ᠡ︔ ᠲᠤᠯᠤᠭ᠎ᠠ ᠳᠤ ᠂ ᠤᠳᠤ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠴᠠᠭ ᠠᠭᠤᠷ ᠢ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ︔    ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ᠮᠠᠨ ᠤ ᠲᠣᠭᠤᠷᠢᠭ ᠤᠨ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠶᠢᠨ ᠲᠥᠯᠥᠭᠡ᠂ ᠡᠯ᠎ᠡ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠠᠤᠯᠢ ᠪᠠᠷ ᠵᠠᠰᠠᠬᠤ ᠪᠠᠲᠤᠯᠠᠭ᠎ᠠ᠂ ᠴᠢᠳᠠᠪᠤᠷᠢᠲᠠᠨ ᠤ ᠪᠠᠲᠤᠯᠠᠭ᠎ᠠ ᠪᠠ ᠠᠵᠢᠯ ᠤᠨ ᠦᠨᠡᠯᠡᠯᠲᠡ ᠶᠢ ᠴᠢᠩᠭᠠᠳᠬᠠᠵᠤ᠂ ᠪᠥᠬᠦ ᠲᠣᠭᠤᠷᠢᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃    ᠲᠠᠶᠢᠯᠤᠮᠵᠢ ᠬᠢᠭᠰᠡᠨ ᠨᠢᠭᠡᠴᠢ᠄ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1