︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ︵2023 ︱ 2035 ᠣᠨ︶︾᠎ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/8
    ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ︵ 2023 ︱ 2035 ᠣᠨ ︶ ︾ ᠎ ᠶᠢᠨ ᠲᠤᠬᠠᠢ ᠲᠦᠷᠦ ᠶᠢᠨ ᠪᠣᠳᠣᠯᠭ᠎ᠠ ᠎ ᠶᠢᠨ ᠲᠠᠶᠢᠯᠤᠮᠵᠢ    ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ ᠪᠠ ᠶᠠᠪᠤᠴᠠ    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢᠨ ᠶᠡᠷᠦᠩᠬᠡᠢ ᠪᠣᠷᠣ ᠲᠥᠯᠥᠪ ᠤᠨ ᠳᠣᠣᠷ᠎ᠠ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠭᠦᠨᠵᠡᠭᠡᠢ ᠪᠠᠶᠢᠴᠠᠭᠠᠨ ᠰᠤᠳᠤᠯᠤᠯᠲᠠ ᠪᠠ ᠭᠦᠢᠴᠡᠳ ᠰᠠᠨᠠᠯ ᠬᠤᠷᠢᠶᠠᠬᠤ ᠪᠠᠷ ᠳᠡᠮᠵᠢᠨ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠥᠪᠥᠷ ᠮᠣᠩᠭᠤᠯ ᠤᠨ ᠠᠢ ᠰᠧᠨ ᠣᠶ ᠰᠢᠭᠤᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ︽ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ︵2023 ︱ 2035 ᠣᠨ ︶︾᠎ ᠎ ᠶᠢ ᠨᠠᠶᠢᠷᠠᠭᠤᠯᠤᠨ ᠵᠣᠬᠢᠶᠠᠯᠭᠠᠪᠠ᠃ ︽ᠲᠥᠯᠦᠪᠵᠢᠭᠦᠯᠭᠡ︾ ᠪᠦᠷᠢᠯᠳᠦᠭᠰᠡᠨ ᠤ ᠳᠠᠷᠠᠭ᠎ᠠ ᠡᠯ᠎ᠡ ᠪᠠᠯᠭᠠᠰᠤ ᠰᠢᠶᠠᠩ ᠵᠢᠴᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠪᠥᠭᠡᠳ ᠭᠥᠯᠢᠶᠡᠨ ᠠᠪᠴᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠯᠲᠡ ᠵᠢᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠠᠶᠢᠨ᠎ᠠ᠃ 2023 ᠣᠨ ᠤ 7 ᠰᠠᠷ᠎ᠠ ᠳᠤ᠂ ︽ ᠲᠥᠯᠦᠪᠵᠢᠭᠦᠯᠭᠡ︾ ᠲᠣᠭᠤᠷᠢᠭ ᠤᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠎ ᠤᠨ ᠬᠢᠨᠠᠨ ᠵᠥᠪᠯᠡᠯᠭᠡ ᠪᠠᠷ  ᠪᠠᠲᠤᠯᠠᠭᠳᠠᠪᠠ ᠃    ︽ᠲᠥᠯᠦᠪᠵᠢᠭᠦᠯᠭᠡ︾᠎ ᠨᠢ ᠨᠤᠭᠤ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠ ᠡᠷᠡᠭᠦᠯ ᠡᠩᠬᠡ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ ᠪᠠᠷ ᠭᠤᠣᠯ ᠪᠣᠯᠭᠠᠵᠤ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠠᠶᠠᠨᠳᠠᠭᠠᠨ ᠰᠡᠷᠭᠦᠬᠦ ᠪᠠ ᠠᠮᠢᠳᠤ ᠪᠣᠳᠠᠰ ᠤᠨ ᠲᠥᠷᠥᠯ ᠤᠨ ᠠᠮᠢᠳᠤᠷᠠᠯ ᠤᠨ ᠣᠷᠴᠢᠨ ᠢ ᠰᠠᠶᠢᠵᠢᠷᠠᠭᠤᠯᠬᠤ ᠪᠠᠷ ᠴᠢᠭᠯᠡᠯ ᠪᠣᠯᠭᠠᠵᠤ᠂ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠯ ᠬᠢᠭᠡᠳ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃    ᠬᠤᠶᠠᠷ ᠂ ᠲᠥᠯᠦᠪᠵᠢᠭᠦᠯᠭᠡ ᠶᠢᠨ ᠪᠣᠷᠣ ᠲᠥᠯᠥᠪ ᠬᠢᠭᠡᠳ ᠭᠤᠣᠯ ᠠᠭᠤᠯᠭ᠎ᠠ    ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ︵2023 ︱ 2035 ᠣᠨ︶︾᠎ ᠶᠢ ᠨᠡᠶᠢᠲᠡ ᠵᠢᠷᠭᠤᠭᠠᠨ ᠪᠦᠯᠦᠭ ᠬᠤᠪᠢᠶᠠᠪᠠ᠃    ᠨᠢᠭᠡᠳᠦᠭᠡᠷ ᠪᠦᠯᠦᠭ ᠪᠣᠯ ᠦᠨᠳᠦᠰᠦᠨ ᠪᠠᠶᠢᠳᠠᠯ ᠪᠣᠯᠣᠨ᠎ᠠ ᠃ ᠲᠥᠯᠦᠪᠵᠢᠭᠦᠯᠭᠡ ᠶᠢᠨ ᠠᠬᠤᠢ ᠪᠠᠶᠢᠳᠠᠯ᠂ ᠨᠤᠭᠤ ᠭᠠᠵᠠᠷ ᠤᠨ ᠡᠬᠢ ᠪᠠᠶᠠᠯᠢᠭ ᠵᠢᠴᠢ ᠬᠠᠮᠠᠭᠠᠯᠠᠯᠲᠠ ᠶᠢᠨ ᠣᠳᠣᠬᠢ ᠪᠠᠶᠢᠳᠠᠯ ᠪᠣᠯᠣᠨ ᠨᠤᠭᠤ ᠭᠠᠵᠠᠷ ᠲᠤ ᠲᠤᠯᠭᠠᠷᠠᠵᠤ ᠪᠠᠶᠢᠭ᠎ᠠ ᠭᠤᠣᠯ ᠰᠦᠷᠳᠡᠭᠦᠯᠦᠯ ᠵᠢᠴᠢ ᠰᠢᠯᠲᠠᠭᠠᠨ ᠢ ᠲᠣᠳᠣᠷᠬᠠᠶᠢᠯᠠᠪᠠ᠃    ᠬᠤᠶᠠᠳᠤᠭᠠᠷ ᠪᠦᠯᠦᠭ ᠪᠣᠯ ᠨᠠᠶᠢᠷᠠᠭᠤᠯᠤᠨ ᠲᠤᠭᠤᠷᠪᠢᠭᠰᠠᠨ ᠦᠨᠳᠦᠰᠦ ᠪᠠᠷᠢᠮᠲᠠ ᠪᠣᠯᠣᠨ᠎ᠠ ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠢᠭᠰᠠᠭᠠᠪᠠ ᠃    ᠭᠤᠷᠪᠠᠳᠤᠭᠠᠷ ᠪᠦᠯᠦᠭ ᠪᠣᠯ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠬᠢᠭᠡᠳ ᠪᠦᠲᠦᠭᠡᠨ ᠪᠠᠶᠢᠭᠤᠯᠬᠤ ᠬᠠᠷᠠᠯᠲᠠ ᠪᠣᠯᠣᠨ᠎ᠠ ᠃ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠂ ᠲᠥᠯᠦᠪᠵᠢᠭᠦᠯᠭᠡ ᠶᠢᠨ ᠬᠤᠭᠤᠴᠠᠭ᠎ᠠ ᠂ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ ᠪᠠ ᠬᠠᠷᠠᠯᠲᠠ ᠶᠢ ᠲᠣᠳᠣᠷᠬᠠᠶᠢᠯᠠᠪᠠ ᠃    ᠳᠥᠷᠪᠡᠳᠦᠭᠡᠷ ᠪᠦᠯᠦᠭ ᠪᠣᠯ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ᠪᠣᠯᠣᠨ᠎ᠠ᠃ ᠣᠷᠣᠨ ᠵᠠᠢ ᠶᠢᠨ ᠪᠠᠶᠢᠷᠢᠰᠢᠯ᠂ ᠬᠠᠮᠠᠭᠠᠯᠠᠯᠲᠠ ᠶᠢᠨ ᠠᠭᠤᠯᠭ᠎ᠠ ᠵᠢᠴᠢ ᠪᠡᠯᠡ ᠣᠷᠣᠭᠤᠯᠤᠯᠲᠠ ᠶᠢᠨ ᠵᠢᠱᠢᠯᠲᠡ ᠶᠢ ᠲᠣᠭᠲᠠᠭᠠᠪᠠ᠃    ᠲᠠᠪᠤᠳᠤᠭᠠᠷ ᠪᠦᠯᠦᠭ ᠪᠣᠯ ᠨᠤᠭᠤ ᠭᠠᠵᠠᠷ ᠤᠨ ᠬᠠᠮᠠᠭᠠᠯᠠᠯᠲᠠ ᠶᠢᠨ ᠶᠡᠷᠦᠩᠬᠡᠢ ᠦᠷ᠎ᠡ ᠪᠦᠲᠦᠮᠵᠢ ᠶᠢᠨ ᠦᠨᠡᠯᠡᠯᠲᠡ ᠪᠣᠯᠣᠨ᠎ᠠ᠃ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠦᠷ᠎ᠡ ᠠᠰᠢᠭ ᠤᠨ ᠵᠠᠳᠠᠯᠤᠯᠲᠠ ᠬᠢᠪᠡ᠃    ᠵᠢᠷᠭᠤᠳᠤᠭᠠᠷ ᠪᠦᠯᠦᠭ ᠪᠣᠯ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ ᠃ ᠬᠠᠤᠯᠢ ᠴᠠᠭᠠᠵᠠ᠂ ᠵᠣᠬᠢᠶᠠᠨ ᠪᠠᠶᠢᠭᠤᠯᠤᠯᠲᠠ᠂ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠪᠠ ᠤᠬᠠᠭᠤᠯᠭ᠎ᠠ ᠵᠡᠷᠭᠡ ᠲᠠᠪᠤᠨ ᠲᠠᠯ᠎ᠠ ᠠᠴᠠ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1