︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠢ ᠬᠠᠮᠠᠭᠠᠯᠠᠬᠤ | ᠲᠥᠯᠦᠪᠵᠢᠭᠦᠯᠭᠡ ︵ 2023 ︱ 2035 ᠣᠨ ︶ ︾ ᠶᠢᠨ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠨᠠᠶᠢᠷᠠᠭᠤᠯᠤᠨ ᠲᠤᠭᠤᠷᠪᠢᠭᠰᠠᠨ ᠠᠬᠤᠢ ᠪᠠᠶᠢᠳᠠᠯ ᠪᠠ ᠶᠠᠪᠤᠴᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ ᠨᠤᠭᠤ | ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢᠨ ᠶᠡᠷᠦᠩᠬᠡᠢ ᠪᠣᠷᠣ ᠲᠥᠯᠥᠪ ᠤᠨ ᠳᠣᠣᠷ᠎ᠠ᠂ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠭᠦᠨᠵᠡᠭᠡᠢ ᠪᠠᠶᠢᠴᠠᠭᠠᠨ | ᠰᠤᠳᠤᠯᠤᠯᠲᠠ ᠪᠠ ᠭᠦᠢᠴᠡᠳ ᠰᠠᠨᠠᠯ ᠬᠤᠷᠢᠶᠠᠬᠤ ᠪᠠᠷ ᠳᠡᠮᠵᠢᠨ᠂ ᠶᠤᠸᠠᠨ ᠪᠦᠦ ᠱᠠᠨ ᠲᠣᠭᠤᠷᠢᠭ ᠤᠨ ᠣᠶ ᠰᠢᠭᠤᠢ | ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠠᠴᠠ ᠥᠪᠥᠷ ᠮᠣᠩᠭᠤᠯ ᠤᠨ ᠠᠢ ᠰᠧᠨ ᠣᠶ ᠰᠢᠭᠤᠢ ᠶᠢᠨ | ᠦᠢᠯᠡᠰ ᠤᠨ ᠬᠢᠵᠠᠭᠠᠷᠲᠤ ᠺᠣᠮᠫᠠᠨᠢ ᠳᠤ ᠨᠠᠶᠢᠳᠠᠵᠤ ︽ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠤᠨ | ᠬᠠᠮᠠᠭᠠᠯᠠᠯᠲᠠ ᠶᠢᠨ ᠲᠥᠯᠦᠪᠵᠢᠭᠦᠯᠭᠡ ︵2023 ︱ 2035 ᠣᠨ ︶︾ ᠶᠢ ᠨᠠᠶᠢᠷᠠᠭᠤᠯᠤᠨ ᠵᠣᠬᠢᠶᠠᠯᠭᠠᠪᠠ᠃ ︽ | ᠲᠥᠯᠦᠪᠵᠢᠭᠦᠯᠭᠡ︾ ᠪᠦᠷᠢᠯᠳᠦᠭᠰᠡᠨ ᠤ ᠳᠠᠷᠠᠭ᠎ᠠ ᠡᠯ᠎ᠡ ᠪᠠᠯᠭᠠᠰᠤ ᠰᠢᠶᠠᠩ ᠵᠢᠴᠢ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ | ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ | ᠪᠥᠭᠡᠳ ᠭᠥᠯᠢᠶᠡᠨ ᠠᠪᠴᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠯᠲᠡ ᠵᠢᠴᠢ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠠᠶᠢᠨ᠎ᠠ᠃ 2023 ᠣᠨ ᠤ 7 ᠰᠠᠷ᠎ᠠ ᠳᠤ᠂ ︽ | ᠲᠥᠯᠦᠪᠵᠢᠭᠦᠯᠭᠡ︾ ᠲᠣᠭᠤᠷᠢᠭ ᠤᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ | ᠬᠤᠷᠠᠯ ᠤᠨ ᠬᠢᠨᠠᠨ ᠵᠥᠪᠯᠡᠯᠭᠡ ᠪᠠᠷ ᠪᠠᠲᠤᠯᠠᠭᠳᠠᠪᠠ ᠃ | ︽ᠲᠥᠯᠦᠪᠵᠢᠭᠦᠯᠭᠡ︾ ᠨᠢ ᠨᠤᠭᠤ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠ | ᠡᠷᠡᠭᠦᠯ ᠡᠩᠬᠡ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ ᠪᠠᠷ ᠭᠤᠣᠯ ᠪᠣᠯᠭᠠᠵᠤ᠂ ᠨᠤᠭᠤ | ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠠᠶᠠᠨᠳᠠᠭᠠᠨ ᠰᠡᠷᠭᠦᠬᠦ ᠪᠠ ᠠᠮᠢᠳᠤ ᠪᠣᠳᠠᠰ ᠤᠨ ᠲᠥᠷᠥᠯ ᠤᠨ | ᠠᠮᠢᠳᠤᠷᠠᠯ ᠤᠨ ᠣᠷᠴᠢᠨ ᠢ ᠰᠠᠶᠢᠵᠢᠷᠠᠭᠤᠯᠬᠤ ᠪᠠᠷ ᠴᠢᠭᠯᠡᠯ ᠪᠣᠯᠭᠠᠵᠤ᠂ ᠨᠤᠭᠤ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠯ ᠬᠢᠭᠡᠳ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠤᠨ ᠡᠬᠢ | ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ᠃ | ᠬᠤᠶᠠᠷ ᠂ ᠲᠥᠯᠦᠪᠵᠢᠭᠦᠯᠭᠡ ᠶᠢᠨ ᠪᠣᠷᠣ ᠲᠥᠯᠥᠪ ᠬᠢᠭᠡᠳ ᠭᠤᠣᠯ ᠠᠭᠤᠯᠭ᠎ᠠ | ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠤᠭᠤ ᠭᠠᠵᠠᠷ ᠢ ᠬᠠᠮᠠᠭᠠᠯᠠᠬᠤ | ᠲᠥᠯᠦᠪᠵᠢᠭᠦᠯᠭᠡ ︵2023 ︱ 2035 ᠣᠨ︶︾ ᠶᠢ ᠨᠡᠶᠢᠲᠡ ᠵᠢᠷᠭᠤᠭᠠᠨ ᠪᠦᠯᠦᠭ ᠬᠤᠪᠢᠶᠠᠪᠠ᠃ | ᠨᠢᠭᠡᠳᠦᠭᠡᠷ ᠪᠦᠯᠦᠭ ᠪᠣᠯ ᠦᠨᠳᠦᠰᠦᠨ ᠪᠠᠶᠢᠳᠠᠯ ᠪᠣᠯᠣᠨ᠎ᠠ ᠃ ᠲᠥᠯᠦᠪᠵᠢᠭᠦᠯᠭᠡ ᠶᠢᠨ ᠠᠬᠤᠢ ᠪᠠᠶᠢᠳᠠᠯ᠂ ᠨᠤᠭᠤ | ᠭᠠᠵᠠᠷ ᠤᠨ ᠡᠬᠢ ᠪᠠᠶᠠᠯᠢᠭ ᠵᠢᠴᠢ ᠬᠠᠮᠠᠭᠠᠯᠠᠯᠲᠠ ᠶᠢᠨ ᠣᠳᠣᠬᠢ ᠪᠠᠶᠢᠳᠠᠯ ᠪᠣᠯᠣᠨ ᠨᠤᠭᠤ ᠭᠠᠵᠠᠷ ᠲᠤ ᠲᠤᠯᠭᠠᠷᠠᠵᠤ | ᠪᠠᠶᠢᠭ᠎ᠠ ᠭᠤᠣᠯ ᠰᠦᠷᠳᠡᠭᠦᠯᠦᠯ ᠵᠢᠴᠢ ᠰᠢᠯᠲᠠᠭᠠᠨ ᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ᠪᠣᠯ ᠨᠠᠶᠢᠷᠠᠭᠤᠯᠤᠨ ᠲᠤᠭᠤᠷᠪᠢᠭᠰᠠᠨ ᠦᠨᠳᠦᠰᠦ ᠪᠠᠷᠢᠮᠲᠠ ᠪᠣᠯᠣᠨ᠎ᠠ ᠃ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠢᠭᠰᠠᠭᠠᠪᠠ ᠃ | ᠭᠤᠷᠪᠠᠳᠤᠭᠠᠷ ᠪᠦᠯᠦᠭ ᠪᠣᠯ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠬᠢᠭᠡᠳ ᠪᠦᠲᠦᠭᠡᠨ | ᠪᠠᠶᠢᠭᠤᠯᠬᠤ ᠬᠠᠷᠠᠯᠲᠠ ᠪᠣᠯᠣᠨ᠎ᠠ ᠃ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠂ | ᠲᠥᠯᠦᠪᠵᠢᠭᠦᠯᠭᠡ ᠶᠢᠨ ᠬᠤᠭᠤᠴᠠᠭ᠎ᠠ ᠂ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ ᠪᠠ ᠬᠠᠷᠠᠯᠲᠠ ᠶᠢ | ᠲᠣᠳᠣᠷᠬᠠᠶᠢᠯᠠᠪᠠ ᠃ | ᠳᠥᠷᠪᠡᠳᠦᠭᠡᠷ ᠪᠦᠯᠦᠭ ᠪᠣᠯ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ᠪᠣᠯᠣᠨ᠎ᠠ᠃ ᠣᠷᠣᠨ ᠵᠠᠢ ᠶᠢᠨ | ᠪᠠᠶᠢᠷᠢᠰᠢᠯ᠂ ᠬᠠᠮᠠᠭᠠᠯᠠᠯᠲᠠ ᠶᠢᠨ ᠠᠭᠤᠯᠭ᠎ᠠ ᠵᠢᠴᠢ ᠪᠡᠯᠡ ᠣᠷᠣᠭᠤᠯᠤᠯᠲᠠ ᠶᠢᠨ ᠵᠢᠱᠢᠯᠲᠡ ᠶᠢ ᠲᠣᠭᠲᠠᠭᠠᠪᠠ᠃ | ᠲᠠᠪᠤᠳᠤᠭᠠᠷ ᠪᠦᠯᠦᠭ ᠪᠣᠯ ᠨᠤᠭᠤ ᠭᠠᠵᠠᠷ ᠤᠨ ᠬᠠᠮᠠᠭᠠᠯᠠᠯᠲᠠ ᠶᠢᠨ ᠶᠡᠷᠦᠩᠬᠡᠢ ᠦᠷ᠎ᠡ ᠪᠦᠲᠦᠮᠵᠢ ᠶᠢᠨ | ᠦᠨᠡᠯᠡᠯᠲᠡ ᠪᠣᠯᠣᠨ᠎ᠠ᠃ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠦᠷ᠎ᠡ ᠠᠰᠢᠭ ᠤᠨ ᠵᠠᠳᠠᠯᠤᠯᠲᠠ ᠬᠢᠪᠡ᠃ | ᠵᠢᠷᠭᠤᠳᠤᠭᠠᠷ ᠪᠦᠯᠦᠭ ᠪᠣᠯ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ | ᠪᠣᠯᠣᠨ᠎ᠠ ᠃ ᠬᠠᠤᠯᠢ ᠴᠠᠭᠠᠵᠠ᠂ ᠵᠣᠬᠢᠶᠠᠨ ᠪᠠᠶᠢᠭᠤᠯᠤᠯᠲᠠ᠂ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠪᠠ | ᠤᠬᠠᠭᠤᠯᠭ᠎ᠠ ᠵᠡᠷᠭᠡ ᠲᠠᠪᠤᠨ ᠲᠠᠯ᠎ᠠ ᠠᠴᠠ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠨ᠎ᠠ᠃ | |