ᠼᠤᠤ ᡁᠢ ᠶᠦᠩ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/10
    8 ᠰᠠᠷ᠎ᠠ ᠶᠢᠨ 7᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠹᠧᠩ ᠱᠦᠢ ᠭᠧᠦ ᠪᠠᠯᠭᠠᠰᠤᠨ ᠤ ᠰᠢᠶᠠ ᠺᠠᠨ ᠽᠢ ᠲᠣᠰᠬᠤᠨ ᠪᠣᠯᠣᠨ ᠶᠣᠣ ᠭᠧᠦ ᠲᠣᠰᠬᠤᠨ ᠂ ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠦᠶᠡᠷ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠣᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠹᠧᠩ ᠱᠦᠢ ᠭᠧᠦ ᠪᠠᠯᠭᠠᠰᠤ᠂ ᠶᠤᠸᠠᠨ ᠪᠦᠦ ᠱᠠᠨ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠹᠧᠩ ᠱᠦᠢ ᠭᠧᠦ ᠪᠠᠯᠭᠠᠰᠤᠨ ᠤ ᠰᠢᠶᠠ ᠺᠠᠨ ᠽᠢ ᠲᠣᠰᠬᠤᠨ ᠪᠣᠯᠣᠨ ᠶᠣᠣ ᠭᠧᠦ ᠲᠣᠰᠬᠤᠨ ᠳᠤ ᠂ ᠼᠤᠤ ᡁᠢ ᠶᠦᠩ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠵᠢᠴᠢ ᠥᠶᠡᠷ ᠤᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠬᠤᠲᠣᠭᠤᠷ ᠭᠠᠵᠠᠷ ᠂ ᠦᠶᠡᠷ ᠵᠠᠯᠠᠬᠤ ᠭᠤᠣᠯ ᠤᠨ ᠵᠠᠮ ᠵᠡᠷᠭᠡ ᠵᠠᠩᠭᠢᠯᠠᠭ᠎ᠠ ᠶᠢᠨ ᠬᠡᠰᠡᠭ ᠲᠤ ᠠᠩᠬᠠᠷᠤᠯ ᠲᠠᠯᠪᠢᠵᠤ ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ ᠂ ᠲᠦᠭᠰᠢᠭᠦᠷᠢ ᠶᠢ ᠬᠢᠨᠠᠨ ᠪᠠᠶᠢᠴᠠᠭᠠᠵᠤ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠦᠶᠡᠷ ᠎ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠎ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠠᠳᠬᠤᠵᠤ ᠂ ᠦᠶᠡᠷ ᠎ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠣᠳᠠᠰ ᠎ ᠤᠨ ᠨᠥᠭᠡᠴᠡᠯᠡᠯᠲᠡ ᠶᠢ ᠴᠢᠩᠭᠠᠷᠠᠭᠤᠯᠤᠨ ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠥᠰᠥᠯ ᠪᠡᠯᠡᠳᠬᠡᠯ ᠲᠥᠰᠥᠯ ᠎ ᠢ ᠲᠡᠭᠦᠯᠳᠡᠷᠵᠢᠭᠦᠯᠦᠨ ᠂ ᠪᠠᠴᠢᠮ ᠪᠠᠶᠢᠳᠠᠯ ᠎ ᠢ ᠠᠷᠭᠠᠴᠠᠬᠤ ᠵᠢᠯᠣᠭᠤᠳᠤᠯᠭ᠎ᠠ ᠶᠢᠨ ᠰᠠᠭᠠᠳ ᠦᠭᠡᠢ ᠨᠡᠪᠲᠡᠷᠡᠬᠦ ᠂ ᠳᠤᠰᠬᠠᠯ ᠲᠦᠷᠭᠡᠨ ᠂ ᠰᠢᠢᠳᠪᠦᠷᠢᠯᠡᠬᠦ ᠨᠢ ᠥᠨᠳᠥᠷ ᠦᠷ᠎ᠡ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠵᠢᠶᠠᠨ ᠴᠠᠩ ᠶᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠂ ᠼᠤᠤ ᡁᠢ ᠶᠦᠩ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ ᠃ ᠲᠡᠷᠡ᠂ ᠠᠶᠤᠯᠭᠦᠢ ᠦᠢᠯᠡᠳᠪᠦᠷᠢᠯᠡᠯ ᠨᠢ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠦᠬᠦ ᠲᠣᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ ᠂ ︽ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠂ ᠭᠦᠨ ᠬᠦᠪ ᠲᠤ ᠬᠦᠷᠦᠭᠰᠡᠨ ᠮᠡᠲᠦ︾ ᠣᠪᠣᠷ ᠢᠶᠠᠷ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠪᠣᠯᠣᠨ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ ᠂ ᠪᠦᠬᠦ ᠬᠡᠯᠬᠢᠶ᠎ᠡ ᠶᠢᠨ ᠪᠦᠬᠦ ᠡᠳᠦᠷ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ ᠂ ᠲᠣᠭᠲᠠᠭᠠᠯ ᠠᠴᠠ ᠵᠥᠷᠢᠴᠡᠨ ᠠᠵᠢᠯᠯᠠᠭᠰᠠᠨ ᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠢ ᠱᠠᠯᠠᠪᠳᠠᠭᠤᠯᠤᠨ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠪᠣᠯᠪᠠᠰᠤᠷᠠᠭᠤᠯᠤᠯ ᠪᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠲᠠᠰ ᠳᠠᠷᠠᠭᠠᠵᠢᠭᠤᠯᠤᠯᠲᠠ ᠶᠢ ᠠᠭᠤᠷᠬᠠᠢ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ᠂ ᠡᠯ᠎ᠡ ᠠᠵᠢᠯ ᠤᠨ ᠪᠠᠶᠢᠷᠢ ᠳᠤ ᠦᠨᠡᠨᠬᠦ ᠨᠠᠶᠢᠳᠠᠪᠤᠷᠢᠵᠢᠭᠤᠯᠵᠤ ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠳ᠋ᠠ ᠳ᠋ᠢ ᠶᠤᠸᠠᠨ ᠲᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠲᠤᠬᠠᠢ ᠶᠢᠨ ᠲᠠᠯᠠᠪᠤᠷ ᠲᠤ ᠬᠦᠬᠦᠷ ᠦᠭᠡᠶᠢᠳᠡᠭᠦᠯᠬᠦ ᠰᠤᠪᠤᠷᠭ᠎ᠠ ᠶᠢ ᠨᠤᠷᠠᠭᠠᠬᠤ ᠠᠵᠢᠯ ᠤᠨ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ ᠦᠵᠡᠪᠡ ᠃ ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ ᠂ ᠪᠠᠷᠢᠯᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ ᠂ ᠪᠠᠷᠢᠯᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ ᠂ ᠠᠵᠢᠯᠯᠠᠵᠤ ᠪᠠᠶᠢᠭ᠎ᠠ ᠬᠥᠮᠥᠰ ᠂ ᠮᠠᠰᠢᠨ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠬᠤ ᠬᠡᠷᠡᠭᠲᠡᠢ ᠃ ᠬᠠᠮᠢᠶ᠎ᠠ ᠪᠦᠬᠦᠢ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ᠂ ᠠᠮᠤᠷ ᠲᠦᠪᠰᠢᠨ ᠢᠶᠠᠷ ᠠᠵᠢᠯᠯᠠᠬᠤ ᠭᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠥᠷᠨᠢᠭᠦᠯᠵᠦ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1