ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠨᠠᠢᠮᠠᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/10
   
1_副本.jpg
       8 ᠰᠠᠷ᠎ᠠ ᠶᠢᠨ 8 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠨᠠᠢᠮᠠᠳᠤᠭᠠᠷ ᠤᠳᠠᠭᠠᠨ ᠤ ︵ ᠥᠷᠭᠡᠳᠬᠡᠭᠰᠡᠨ ︶ ᠬᠤᠷᠠᠯ ᠢ ᠡᠷᠬᠢᠯᠡᠨ ᠬᠤᠷᠠᠯᠳᠤᠭᠤᠯᠵᠤ ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ ᠂ ᠶᠢᠨ ᠮᠢᠩ ᠂ ᠪᠦᠦ ᠶᠦᠨ ᠳ᠋ᠦᠩ ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠢ ᠪᠣᠯᠣᠨ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ ᠃    ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ ᠂ ᠠᠶᠤᠯᠭᠦᠢ ᠦᠢᠯᠡᠳᠪᠦᠷᠢᠯᠡᠯ ᠤᠨ ᠬᠡᠷᠡᠭ ᠂ ᠠᠳᠡᠯ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠂ ᠠᠶᠤᠯᠭᠦᠢ ᠦᠢᠯᠡᠳᠪᠦᠷᠢᠯᠡᠯ ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ᠠᠶᠤᠯᠭᠦᠢ ᠦᠢᠯᠡᠳᠪᠦᠷᠢᠯᠡᠯ ᠪᠣᠯ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠲᠦᠰᠢᠭ ᠪᠠ ᠪᠠᠲᠤᠯᠠᠭ᠎ᠠ ᠪᠣᠯᠣᠨ᠎ᠠ ᠂ ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠵᠤ ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠠᠬᠢᠭᠤᠯᠵᠤ ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠢ ᠠᠳᠬᠤᠵᠤ ᠂ ᠲᠣᠭᠲᠠᠮᠠᠯ ᠬᠤᠭᠤᠴᠠᠭ᠎ᠠ ᠪᠣᠯᠤᠨ ᠲᠣᠭᠲᠠᠮᠠᠯ ᠪᠤᠰᠤ ᠬᠤᠭᠤᠴᠠᠭ᠎ᠠ ᠪᠠᠷ ᠬᠢᠨᠠᠨ ᠵᠢᠯᠤᠭᠤᠳᠴᠤ ᠪᠠᠶᠢᠴᠠᠭᠠᠬᠤ ᠬᠡᠷᠡᠭᠲᠡᠢ ︔ ᠡᠯ᠎ᠡ ᠠᠵᠢᠯ ᠲᠥᠷᠥᠯ ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠢᠵᠦ᠂ ︽ᠬᠡᠨ ᠭᠤᠣᠯᠴᠢᠯᠠᠨ ᠬᠠᠮᠢᠶᠠᠷᠪᠠᠯ ᠬᠡᠨ ᠲᠦᠷᠦᠭᠦᠯᠡᠨ ᠬᠢᠬᠦ᠂ ᠬᠡᠨ ᠭᠤᠣᠯᠯᠠᠪᠠᠯ ᠬᠡᠨ ᠲᠦᠷᠦᠭᠦᠯᠡᠨ ᠬᠢᠬᠦ᠂ ᠬᠡᠨ ᠣᠶᠢᠷᠠᠳᠪᠠᠯ ᠬᠡᠨ ᠲᠦᠷᠦᠭᠦᠯᠡᠨ ᠬᠢᠬᠦ︾ ᠵᠠᠷᠴᠢᠮ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠴᠢᠩᠳᠠᠯᠠᠵᠤ᠂ ᠦᠢᠯᠡᠳᠪᠦᠷᠢᠯᠡᠬᠦ᠂ ᠪᠣᠷᠣᠯᠠᠭᠤᠯᠬᠤ᠂ ᠲᠡᠭᠡᠭᠡᠪᠦᠷᠢᠯᠡᠬᠦ᠂ ᠬᠡᠷᠡᠭᠯᠡᠬᠦ ᠡᠯ᠎ᠡ ᠭᠤᠭᠴᠤᠭ᠎ᠠ ᠶᠢᠨ ᠪᠥᠬᠦ ᠬᠡᠯᠬᠢᠶ᠎ᠡ᠂ ᠪᠢᠲᠡᠭᠦᠦ ᠴᠠᠭᠠᠷᠢᠭ ᠮᠠᠶ᠋ᠢᠭ ᠤᠨ᠂  ᠥᠨᠴᠥᠭ ᠪᠣᠯᠤᠩ ᠦᠭᠡᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠬᠠᠷᠢᠶ᠎ᠠ ᠣᠷᠣᠨ ᠤ ᠠᠵᠤ ᠠᠬᠤᠶᠢᠯᠠᠯ ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ ᠂ ᠠᠰᠠᠭᠤᠳᠠᠯ ᠢ ᠢᠯᠡᠷᠡᠭᠦᠯᠥᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠭᠡᠬᠦ ᠡᠨᠡᠬᠦ ︽ ᠵᠠᠩᠭᠢᠯᠠᠭ᠎ᠠ ᠶᠢᠨ ᠴᠥᠭᠡᠨ ᠲᠣᠭᠠᠲᠠᠨ ︾ ᠎ ᠢ ᠴᠢᠩᠭ᠎ᠠ ᠠᠩᠬᠠᠷᠴᠤ ᠂ ᠲᠡᠳᠡᠨ ᠤ ᠲᠦᠷᠦᠭᠦᠯᠡᠨ ᠰᠤᠷᠤᠯᠴᠠᠬᠤ ᠶᠢ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ ᠪᠡᠶ᠎ᠡ ᠪᠠᠷ ᠢᠶᠠᠨ ᠵᠣᠬᠢᠶᠠᠨ ᠪᠠᠶᠢᠭᠤᠯᠵᠤ ᠪᠠᠶᠢᠭᠠᠳ ᠬᠦᠨᠳᠦ ᠶᠡᠭᠡ ᠠᠳᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠂ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠪᠦᠲᠦᠮᠵᠢᠲᠡᠢ ᠠᠷᠭ᠎ᠠ ᠬᠡᠮᠵᠢᠶ᠎ᠡ ᠶᠢ ᠲᠣᠭᠲᠠᠭᠠᠵᠤ ᠂ ᠲᠥᠬᠦᠭᠡᠷᠦᠮᠵᠢ ᠶᠢᠨ ᠪᠠᠶᠢᠴᠠᠭᠠᠯᠲᠠ ᠪᠠ ᠠᠵᠢᠯ ᠤᠨ ᠪᠠᠶᠢᠷᠢ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ ᠂ ᠭᠡᠮ ᠰᠣᠭᠤᠭ ᠢ ᠣᠯᠵᠤ ᠮᠡᠳᠡᠪᠡᠯ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠎ ᠳᠤ ︽ᠰᠤᠳᠠᠯ ᠪᠠᠷᠢᠨ ᠣᠨᠤᠰᠢᠯᠠᠭᠤᠯᠵᠤ ︾᠂ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠤᠰᠬᠠᠢ ᠮᠡᠷᠭᠡᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠤᠨ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠨᠠᠩ ᠲᠤᠰᠬᠠᠶᠢᠵᠢᠭᠤᠯᠬᠤ᠂ ᠰᠢᠰᠲ᠋ᠧᠮᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ ᠂ ᠤᠯᠠᠨ ᠲᠠᠯ᠎ᠠ ᠪᠠᠷ ᠬᠦᠴᠦᠯᠡᠵᠦ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠯᠠᠨ ᠲᠦᠮᠡᠨ ᠳᠤ ᠠᠮᠤᠷ ᠲᠦᠪᠰᠢᠨ ᠤ ᠮᠡᠳᠡᠯᠭᠡ ᠶᠢ ᠦᠨᠡᠨᠬᠦ ᠣᠶᠢᠯᠠᠭᠠᠭᠤᠯᠵᠤ ᠡᠵᠡᠮᠰᠢᠭᠦᠯᠬᠦ ᠬᠡᠷᠡᠭᠲᠡᠢ ᠃ ︽ᠳᠣᠯᠤᠭᠠᠨᠲᠠ ᠪᠠᠭᠤᠵᠤ ᠨᠠᠢᠮᠠᠨ ᠳᠤ ᠭᠠᠷᠬᠤ︾ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠴᠠᠭ ᠠᠭᠤᠷ ᠤᠨ ᠬᠤᠪᠢᠷᠠᠯᠲᠠ ᠪᠣᠯᠣᠨ ᠦᠶᠡᠷ ᠤᠨ ᠪᠠᠶᠢᠳᠠᠯ ᠲᠦᠭᠰᠢᠭᠦᠷᠢᠲᠦ ᠪᠠᠶᠢᠳᠠᠯ ᠭᠠᠮᠰᠢᠭ ᠤᠨ ᠪᠠᠶᠢᠳᠠᠯ ᠤᠨ ᠬᠥᠭᠵᠢᠯᠲᠡ ᠶᠢ ᠨᠢᠭᠲᠠ ᠠᠵᠢᠭᠯᠠᠵᠤ ᠂ ᠠᠶᠤᠯ ᠲᠠᠢ ᠪᠠᠷᠢᠯᠭ᠎ᠠ ᠶᠢᠨ ᠬᠡᠰᠡᠭ ᠲᠤ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠨᠡᠮᠡᠵᠦ᠂ ᠦᠶᠡᠷ ᠤᠨ ᠬᠤᠭᠤᠴᠠᠭᠠᠨ ᠤ ᠵᠢᠵᠢᠭᠦᠷᠯᠡᠨ ᠲᠣᠭᠤᠷᠢᠨ ᠴᠠᠭᠳᠠᠬᠤ ᠶᠢ ᠴᠢᠩᠭᠠᠳᠬᠠᠵᠤ᠂ ᠰᠤᠷᠤᠭᠴᠢᠳ ᠤᠨ ᠤᠰᠤᠨ ᠳᠤ ᠵᠢᠪᠬᠦ ᠎ ᠠᠴᠠ ᠰᠡᠷᠭᠡᠶᠢᠯᠡᠬᠦ ᠬᠥᠮᠦᠵᠢᠯ ᠪᠣᠯᠣᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡᠪᠰᠢ ᠪᠦᠬᠦ ᠲᠣᠭᠤᠷᠢᠭ ᠤᠨ ᠦᠶᠡᠷ ᠤᠨ ᠬᠤᠭᠤᠴᠠᠭ᠎ᠠ ᠶᠢ ᠲᠣᠭᠲᠠᠭᠤᠨ ᠢᠶᠠᠷ ᠥᠩᠭᠡᠷᠡᠭᠦᠯᠵᠦ᠂ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠬᠤᠯᠪᠣᠭᠳᠠᠬᠤ ᠶᠡᠭᠡ ᠶᠠᠪᠤᠳᠠᠯ ᠂ ᠴᠢᠬᠤᠯᠠ ᠶᠠᠪᠤᠳᠠᠯ ᠪᠣᠯᠣᠨ᠎ᠠ ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠵᠦ ᠥᠭᠬᠦ ᠬᠡᠷᠡᠭᠲᠡᠢ ᠃ ᠡᠬᠢ ᠡᠭᠦᠰᠦᠯ ᠠᠴᠠ ᠎ ᠨᠢ ᠵᠠᠰᠠᠬᠤ ᠶᠢ ᠴᠢᠩᠭᠠᠳᠬᠠᠵᠤ ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠣᠯᠣᠯᠴᠠᠬᠤ ᠂ ᠵᠥᠪᠳᠡᠯᠴᠡᠬᠦ ᠪᠠᠨ ᠴᠢᠩᠭᠠᠳᠬᠠᠵᠤ ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠮᠲᠤᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠵᠠᠬᠢᠳᠠᠯ ᠰᠣᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠱᠠᠲᠤ ᠱᠠᠲᠤ ᠪᠠᠷ ᠳᠠᠷᠤᠯᠲᠠ ᠥᠭᠴᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1