ᠶᠤᠸᠠᠨ ᠪᠦᠦ ᠱᠠᠨ ᠲᠣᠭᠤᠷᠢᠭ ᠤᠨ 12345 ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ | ᠤᠲᠠᠰᠤ ᠶᠢᠨ ᠤᠯᠠᠨ ᠲᠦᠮᠡᠨ ᠤ ᠪᠠᠴᠢᠮ ᠬᠦᠴᠢᠷ ᠲᠦᠪᠡᠭ ᠬᠥᠰᠡᠵᠦ ᠪᠠᠶᠢᠭ᠎ᠠ ᠠᠰᠠᠭᠤᠳᠠᠯ ᠢ ᠲᠦᠷᠭᠡᠨ ᠪᠥᠭᠡᠳ | ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠪᠠᠲᠤᠯᠠᠬᠤ ᠶᠢᠨ ᠲᠥᠯᠥᠭᠡ ᠂ ᠶᠤᠸᠠᠨ ᠪᠦᠦ ᠱᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠲᠣᠪᠴᠢᠶ᠎ᠠ ᠪᠠᠶᠢᠭᠤᠯᠤᠮᠵᠢ ᠲᠣᠭᠲᠠᠴᠠ ᠶᠢᠨ ᠳᠡᠰ ᠳᠠᠪᠬᠤᠷᠭ᠎ᠠ ᠠᠴᠠ ᠠᠷᠠᠳ ᠤᠨ | ᠠᠮᠢᠳᠤᠷᠠᠯ ᠤᠨ ︽ ᠲᠦᠭᠵᠢᠷᠡᠯ ︾ ᠢ ᠰᠢᠢᠳᠪᠦᠷᠢᠯᠡᠬᠦ ᠶᠢ ᠠᠬᠢᠭᠤᠯᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠤᠨ ᠶᠠᠰᠤ ᠴᠢᠨᠠᠷ ᠪᠣᠯᠣᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃ | | | | ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠪᠡ᠃ ᠪᠥᠬᠦ ᠲᠣᠭᠤᠷᠢᠭ ᠤᠨ ᠬᠠᠯᠠᠮᠰᠢᠯ ᠤᠲᠠᠰᠤᠨ ᠤ | ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠠᠰᠠᠭᠤᠳᠠᠯ ᠢ ᠡᠮᠬᠢᠯᠡᠵᠦ᠂ ᠰᠢᠯᠲᠠᠭᠠᠨ ᠢ ᠨᠢ ᠪᠠᠶᠢᠴᠠᠭᠠᠨ | ᠳᠡᠯᠭᠡᠵᠦ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ︔ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠢ ᠶᠢ | ᠰᠢᠮᠳᠠᠭᠤᠯᠵᠤ ᠪᠠᠶᠢᠭᠠᠳ 12345 ᠬᠠᠯᠠᠮᠰᠢᠯ ᠤᠲᠠᠰᠤᠨ ᠤ ᠠᠵᠢᠯ ᠢ ᠪᠥᠬᠦ ᠲᠠᠯ᠎ᠠ ᠶᠢᠨ ᠪᠥᠭᠡᠳ ᠳᠡᠭᠡᠳᠦ | ᠬᠡᠮᠵᠢᠶᠡᠨ ᠠᠴᠠ ᠪᠣᠳᠣᠯᠬᠢᠯᠠᠨ ᠤᠬᠠᠭᠠᠯᠠᠨ ᠠᠬᠢᠭᠤᠯᠵᠤ᠂ ︽ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ | ᠭᠡᠵᠦ ᠦᠭᠡᠢ︾ ᠭᠡᠬᠦ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ | ᠪᠠᠶᠢᠬᠤ ᠡᠰᠡᠬᠦ ᠶᠢ ᠬᠠᠮᠤᠭ ᠡᠴᠦᠰ ᠤᠨ ᠬᠡᠮᠵᠢᠬᠦ ᠪᠠᠷᠢᠮᠵᠢᠶ᠎ᠠ ᠪᠣᠯᠭᠠᠵᠤ᠂ ᠬᠠᠯᠠᠮᠰᠢᠯ ᠤᠲᠠᠰᠤᠨ ᠤ | ᠰᠢᠢᠳᠪᠦᠷᠢᠯᠡᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠪᠠ᠃ ᠬᠠᠯᠠᠮᠰᠢᠯ ᠤᠳᠠᠰᠤᠨ ᠤ ᠠᠵᠢᠯ ᠢ | ᠰᠢᠮᠳᠠᠭᠤᠯᠤᠨ ᠪᠠᠶᠢᠴᠠᠭᠠᠬᠤ ᠵᠢᠴᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠵᠤ᠂ ᠨᠠᠶᠢᠳᠠᠪᠤᠷᠢᠵᠢᠭᠤᠯᠬᠤ ᠡᠳᠦᠷ ᠤᠨ ᠪᠦᠷᠢᠳᠬᠡᠬᠦ᠂ ᠭᠠᠷᠠᠭ ᠤᠨ ᠲᠣᠬᠢᠷᠠᠭᠤᠯᠤᠯᠲᠠ ᠂ | ᠰᠠᠷ᠎ᠠ ᠶᠢᠨ ᠮᠡᠳᠡᠭᠡᠯᠡᠬᠦ ᠳᠦᠷᠢᠮ ᠢ ᠪᠠᠶᠢᠭᠤᠯᠪᠠ ᠃ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠤᠷᠠᠯ᠂ | ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠬᠠᠯᠠᠮᠰᠢᠯ | ᠤᠳᠠᠰᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠬᠠᠯᠠᠮᠰᠢᠯ ᠤᠳᠠᠰᠤᠨ ᠤ ᠪᠠᠶᠢᠭᠤᠯᠤᠯᠲᠠ ᠪᠠ | ᠠᠵᠢᠯᠯᠠᠭᠠᠨ ᠤ ᠨᠠᠷᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ | ᠬᠠᠯᠠᠮᠰᠢᠯ ᠤᠳᠠᠰᠤᠨ ᠤ ᠭᠦᠢᠴᠡᠳᠬᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ | ︽ ᠲᠠᠪᠤᠨ ᠨᠤᠷᠮ᠎ᠠ ︾ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠪᠡ ᠃ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢᠨ ︽ ᠳᠤᠰᠬᠠᠯ ᠤᠨ ᠨᠣᠷᠮ᠎ᠠ︾ ᠂ | ︽ᠭᠦᠢᠴᠡᠳᠬᠡᠵᠦ ᠳᠠᠭᠤᠰᠬᠠᠬᠤ ᠨᠣᠷᠮ᠎ᠠ︾ ᠂ ︽ᠰᠢᠢᠳᠪᠦᠷᠢᠯᠡᠬᠦ ᠨᠣᠷᠮ᠎ᠠ︾ ᠂ ︽ᠬᠠᠨᠤᠮᠵᠢ ᠶᠢᠨ ᠨᠣᠷᠮ᠎ᠠ︾ ᠂ ︽ | ᠬᠤᠲᠠ ᠶᠢᠨ ᠠᠷᠠᠳ ᠲᠠᠢ ᠬᠠᠷᠢᠯᠴᠠᠬᠤ ᠨᠣᠷᠮ᠎ᠠ︾ ᠵᠡᠷᠭᠡ ᠭᠦᠢᠴᠡᠳᠬᠡᠯ ᠲᠤᠭ᠎ᠠ ᠳᠤ ᠭᠤᠣᠯᠳᠠᠯᠭ᠎ᠠ ᠲᠠᠢ ᠴᠢᠭᠯᠡᠭᠦᠯᠦᠨ | ᠂ ᠲᠤᠰᠬᠠᠢ ᠠᠩᠭᠢ ᠪᠠᠶᠢᠭᠤᠯᠬᠤ᠂ ᠮᠡᠳᠡᠯᠭᠡ ᠶᠢᠨ ᠬᠥᠮᠥᠷᠭᠡ ᠶᠢ ᠰᠢᠨᠡᠳᠬᠡᠬᠦ ᠵᠢᠴᠢ ︽ᠬᠤᠶᠠᠷ ᠠᠯᠪᠠᠨ ᠭᠡᠷ︾ ᠤᠨ | ᠰᠢᠮᠳᠠᠭᠤᠯᠤᠨ ᠪᠠᠶᠢᠴᠠᠭᠠᠬᠤ ᠲᠠᠰᠤᠭ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠵᠣᠬᠢᠶᠠᠨ ᠪᠠᠶᠢᠭᠤᠯᠬᠤ | ᠬᠡᠯᠲᠡᠰ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ︽ᠲᠠᠪᠤᠨ ᠨᠣᠷᠮ᠎ᠠ︾ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠵᠢᠯ ᠤᠨ ᠡᠬᠢᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠬᠤᠲᠠ ᠶᠢᠨ ᠬᠠᠯᠠᠮᠰᠢᠯ ᠤᠲᠠᠰᠤᠨ ᠤ | ᠲᠠᠪᠴᠠᠩ ᠤᠨ ᠰᠢᠯᠵᠢᠭᠦᠯᠦᠨ ᠲᠣᠮᠢᠯᠠᠭᠰᠠᠨ ᠠᠵᠢᠯ ᠤᠨ ᠬᠠᠭᠤᠳᠠᠰᠤ ᠶᠢ ᠨᠡᠶᠢᠲᠡ 2837 ᠭᠥᠯᠢᠶᠡᠨ ᠠᠪᠴᠤ᠂ | 2643 ᠠᠵᠢᠯ ᠤᠨ ᠬᠠᠭᠤᠳᠠᠰᠤ ᠶᠢ ᠨᠢᠭᠡᠨᠲᠡ ᠭᠦᠢᠴᠡᠳᠬᠡᠵᠦ᠂ ᠶᠡᠷᠦᠩᠬᠡᠢ ᠳᠤᠰᠬᠠᠯ ᠤᠨ ᠨᠣᠷᠮ᠎ᠠ 100% ᠳᠤ | ᠬᠦᠷᠴᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 93.2% ᠲᠤ ᠬᠦᠷᠴᠦ᠂ ᠬᠠᠨᠤᠮᠵᠢ ᠶᠢᠨ ᠨᠣᠷᠮ᠎ᠠ | 96% ᠳᠤ ᠬᠦᠷᠴᠦ᠂ ᠰᠢᠢᠳᠪᠦᠷᠢᠯᠡᠭᠰᠡᠨ ᠨᠣᠷᠮ᠎ᠠ 95% ᠳᠤ ᠬᠦᠷᠴᠦ᠂ ᠬᠤᠲᠠ ᠶᠢᠨ ᠠᠷᠠᠳ ᠲᠠᠢ | ᠬᠠᠷᠢᠯᠴᠠᠭᠰᠠᠨ ᠨᠣᠷᠮ᠎ᠠ 100% ᠳᠤ ᠬᠦᠷᠴᠡᠢ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠠᠰᠠᠭᠤᠳᠠᠯ | ᠨᠡᠯᠢᠶᠡᠳ ᠲᠥᠪᠯᠡᠷᠡᠵᠦ ᠪᠠᠶᠢᠭ᠎ᠠ ᠨᠢ ᠣᠷᠣᠨ ᠰᠠᠭᠤᠴᠠ ᠶᠢᠨ ᠲᠥᠷᠥᠯ ᠤᠨ ᠠᠰᠠᠭᠤᠳᠠᠯ 1155 ᠬᠤᠪᠢ ᠪᠠᠶᠢᠵᠤ᠂ | ᠡᠵᠡᠯᠡᠬᠦ ᠬᠠᠷᠢᠴᠠᠯ ᠨᠢ 43.7% ᠪᠠᠶᠢᠵᠤ᠂ ᠭᠤᠣᠯᠳᠠᠭᠤ ᠳᠤᠯᠠᠭᠠᠯᠭ᠎ᠠ ᠶᠢᠨ ᠠᠰᠠᠭᠤᠳᠠᠯ᠂ ᠭᠡᠷ ᠪᠠᠶᠢᠰᠢᠩ ᠤᠨ | ᠶᠠᠰᠤ ᠴᠢᠨᠠᠷ ᠤᠨ ᠠᠰᠠᠭᠤᠳᠠᠯ ᠵᠡᠷᠭᠡ ᠳᠤ ᠬᠤᠯᠪᠣᠭᠳᠠᠨ᠎ᠠ︔ ᠠᠷᠠᠳ ᠤᠨ ᠠᠮᠢᠳᠤᠷᠠᠯ ᠤᠨ ᠲᠥᠷᠥᠯ ᠤᠨ ᠲᠤᠬᠠᠢ | 767 ᠬᠤᠪᠢ ᠪᠠᠶᠢᠵᠤ᠂ 29% ᠶᠢᠨ ᠬᠠᠷᠢᠴᠠᠯ ᠢ ᠡᠵᠡᠯᠡᠵᠦ᠂ ᠭᠤᠣᠯᠳᠠᠭᠤ ᠬᠡᠷᠡᠭᠯᠡᠭᠴᠢᠳ ᠤᠨ ᠡᠷᠬᠡ ᠪᠠᠨ | ᠬᠠᠮᠠᠭᠠᠯᠠᠬᠤ᠂ ᠴᠠᠯᠢᠩ ᠣᠯᠭᠤᠬᠤ ᠠᠰᠠᠭᠤᠳᠠᠯ ᠳᠤ ᠬᠤᠯᠪᠣᠭᠳᠠᠨ᠎ᠠ︔ ᠣᠷᠴᠢᠨ ᠠᠬᠤᠢ ᠶᠢᠨ ᠬᠠᠮᠠᠭᠠᠯᠠᠯᠲᠠ ᠶᠢᠨ | ᠲᠥᠷᠥᠯ 160 ᠬᠤᠪᠢ ᠪᠠᠶᠢᠵᠤ ᠂ 6.1% ᠶᠢ ᠡᠵᠡᠯᠡᠵᠦ᠂ ᠭᠤᠣᠯᠳᠠᠭᠤ ᠨᠡᠶᠢᠭᠡᠮ ᠤᠨ ᠠᠮᠢᠳᠤᠷᠠᠯ ᠤᠨ ᠲᠠᠭᠤ | ᠱᠤᠤᠭᠢᠶᠠᠨ ᠤ ᠠᠰᠠᠭᠤᠳᠠᠯ ᠳᠤ ᠬᠤᠯᠪᠣᠭᠳᠠᠨ᠎ᠠ᠃ | ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠯᠠᠨ | ᠲᠦᠮᠡᠨ ᠪᠠ ᠠᠵᠤ ᠠᠬᠤᠶᠢᠯᠠᠯ ᠳᠤ ᠦᠷᠭᠦᠯᠵᠢᠯᠡᠨ ᠰᠡᠳᠬᠢᠯ ᠲᠠᠯᠪᠢᠵᠤ᠂ ᠨᠠᠷᠢᠨ ᠨᠢᠮᠪᠠᠢ᠂ ᠬᠦᠯᠢᠴᠡᠩᠭᠦᠢ ᠪᠠᠷ | ᠪᠣᠳᠠᠲᠠᠢ ᠠᠵᠢᠯ ᠬᠢᠵᠦ᠂ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤᠨ ᠤ ᠭᠤᠮᠣᠳᠠᠯ | ᠱᠠᠭᠠᠷᠳᠠᠯᠭ᠎ᠠ ᠶᠢ ᠭᠦᠢᠴᠡᠳᠬᠡᠬᠦ ᠬᠤᠷᠳᠤᠴᠠ᠂ ᠦᠷ᠎ᠡ ᠪᠦᠲᠦᠮᠵᠢ ᠪᠠ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠎ᠡ᠃ | |