ᠼᠤᠤ ᡁᠢ ᠶᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/11
    8 ᠰᠠᠷ᠎ᠠ ᠶᠢᠨ 9᠎ ᠤ ᠡᠳᠦᠷ᠂ ᠲᠣᠭᠤᠷᠢᠭ ᠤᠨ ᠨᠠᠮ ‍ᠤᠨ‌ᠬᠤᠷᠢᠶᠠᠨ ᠤ ᠱᠦᠵᠢ ᠼᠤᠤ ᡁᠢ ᠶᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠣᠣ ᠴᠢᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠦᠷᠢᠶᠡᠯᠡᠩ ᠲᠣᠭᠤᠷᠢᠭ ᠤᠨ ᠠᠯᠪᠠᠨ ᠭᠡᠷ᠂ ᠦ᠋ ᠵᠢᠶᠠ ᠪᠠᠯᠭᠠᠰᠤ᠂ ᠫᠢᠩᠵᠤᠸᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠤᠯᠠᠭᠠᠨᠬᠠᠳᠠ ᠶᠢᠨ ᠵᠢᠶᠠ ᠹᠧᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠶᠤᠸᠠᠨ ᠪᠦᠦ ᠱᠠᠨ ᠲᠣᠭᠤᠷᠢᠭ ᠤᠨ ᠵᠢᠢ ᠺᠥ᠋ ᠵᠤᠭᠠᠴᠠᠯ ᠤᠨ ᠬᠦᠷᠢᠶᠡᠯᠡᠩ ᠳᠤ ᠂ ᠼᠤᠤ ᡁᠢ ᠶᠦᠩ ᠲᠦᠷᠦᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠵᠦ ᠂ 3000 ᠰᠠᠭᠠᠯᠢ ᠶᠢᠨ  ᠥᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠦᠷᠦᠯ ᠵᠦᠢᠯ ᠂ ᠭᠡᠷ ᠤᠨ ᠭᠠᠳᠠᠨᠠᠬᠢ ᠬᠥᠳᠡᠯᠭᠡᠬᠦ ᠬᠦᠴᠦᠨ ᠦᠭᠡᠢ ᠬᠡᠦᠬᠡᠳ ᠤᠨ ᠴᠡᠩᠭᠡᠯ ᠤᠨ ᠬᠦᠷᠢᠶᠡᠯᠡᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ ᠃ ᠲᠡᠷᠡ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ ᠂ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ ᠂  ᠠᠰᠢᠭᠯᠠᠯᠲᠠ ᠳᠤ ᠣᠷᠣᠭᠤᠯᠬᠤ ᠬᠠᠷᠠᠯᠲᠠ ᠶᠢ ᠪᠠᠶᠢᠭᠤᠯᠤᠨ ᠪᠦᠲᠦᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠷᠢᠯᠢᠭᠵᠢᠭᠤᠯᠵᠤ᠂ ᠪᠠᠷᠢᠯᠭ᠎ᠠ ᠶᠢᠨ ᠠᠵᠢᠯ ᠤᠨ ᠲᠥᠰᠥᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠭᠤᠣᠯᠳᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠴᠢᠩᠭ᠎ᠠ ᠠᠳᠬᠤᠵᠤ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠲᠥᠷᠥᠯ ᠵᠦᠢᠯ ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠣᠨ ᠦᠢᠯᠡᠳᠪᠦᠷᠢᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠠᠳᠬᠤᠵᠤ ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠭᠡᠮ ᠰᠣᠭᠤᠭ ᠤᠨ ᠪᠠᠶᠢᠴᠠᠭᠠᠯᠲᠠ ᠶᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤᠳᠬᠠᠬᠤ ᠬᠡᠷᠡᠭᠲᠡᠢ ᠭᠡᠵᠦ ᠵᠣᠷᠢᠭᠵᠢᠭᠤᠯᠪᠠ ᠃    ᠦ᠋ ᠵᠢᠶᠠ ᠮᠣᠳᠤᠨ ᠮᠠᠲ᠋ᠧᠷᠢᠶᠠᠯ ᠡᠳ᠋ᠰᠢᠭᠦᠯᠦᠨ ᠦᠢᠯᠡᠳᠪᠦᠷᠢᠯᠡᠬᠦ ᠰᠠᠭᠤᠷᠢᠨ  ᠭᠠᠵᠠᠷ᠂ ᠤᠯᠠᠭᠠᠨᠬᠠᠳᠠ ᠬᠤᠳᠠ ᠶᠢᠨ ᠬᠤᠸᠠᠨ ᠴᠢᠦ ᠮᠠᠩᠭᠠᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠲᠦᠷᠦᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ ᠂ ᠢᠨᠵᠧᠨᠧᠷᠢᠩ ᠤᠨ ᠠᠬᠢᠴᠠ ᠵᠢᠴᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ ᠃ ᠲᠡᠷᠡ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠎ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠦᠴᠦᠲᠡᠢ ᠠᠬᠢᠭᠤᠯᠵᠤ ᠂ ᠪᠦᠬᠦ ᠬᠦᠴᠦᠨ ᠢᠶᠠᠷ ᠢᠶᠠᠨ ᠪᠣᠭᠤᠮᠢ ᠶᠢ ᠡᠪᠳᠡᠵᠦ ᠂ ᠪᠠᠲᠤᠯᠠᠭ᠎ᠠ ᠶᠢ ᠴᠢᠩᠭᠠᠳᠬᠠᠵᠤ ᠂ ᠦᠢᠯᠡᠴᠢᠯᠡᠭᠡ ᠶᠢ ᠰᠢᠯᠢᠳᠡᠭᠵᠢᠭᠦᠯᠵᠦ ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠬᠢᠵᠦ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠂ ᠲᠦᠷᠦᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠲᠣᠬᠢᠷᠠᠭᠤᠯᠤᠨ ᠳᠠᠭᠠᠵᠤ ᠂ ᠣᠯᠣᠯᠴᠠᠭ᠎ᠠ ᠵᠣᠬᠢᠴᠠᠭᠤᠯᠭ᠎ᠠ ᠶᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠂ ᠲᠦᠷᠦᠯ ᠵᠦᠢᠯ ᠢ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1