ᠵᠠᠩ ᡁᠢ ᠸᠧᠢ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/8/11
    8 ᠰᠠᠷ᠎ᠠ ᠶᠢᠨ 9᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠤᠭᠤᠳᠴᠤ  ᠪᠠᠶᠢᠴᠠᠭᠠᠪᠠ᠃    ᠤᠯᠠᠭᠠᠨᠬᠠᠳᠠ ᠶᠢᠨ ᠱᠧᠩ ᠰᠧᠨ ᠴᠠᠬᠢᠭᠤᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠺᠠᠢ ᠶᠤᠸᠠᠢ ᠬᠢᠮᠢ ᠶᠢᠨ ᠦᠢᠯᠡᠳᠪᠦᠷᠢ᠂ ᠯᠢ ᠠᠨ ᠯᠦᠩ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠱᠧᠩ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠠᠵᠤ ᠠᠬᠤᠶᠢᠯᠠᠯ ᠤᠨ ᠠᠶᠤᠯᠲᠠᠢ ᠪᠣᠳᠠᠰ ᠢ ᠬᠠᠳᠠᠭᠠᠯᠠᠬᠤ ᠰᠠᠪᠠ ᠎ ᠶᠢᠨ ᠣᠷᠤᠨ᠂ ᠦᠢᠯᠡᠳᠪᠦᠷᠢᠯᠡᠯ ᠤᠨ ᠲᠠᠰᠤᠭ ᠪᠣᠯᠣᠨ ᠪᠦᠲᠦᠭᠡᠭᠳᠡᠬᠦᠨ ᠤ ᠬᠥᠮᠥᠷᠭᠡ ᠵᠡᠷᠭᠡ ᠭᠤᠣᠯᠳᠠᠯᠭ᠎ᠠ ᠲᠠᠢ ᠬᠡᠰᠡᠭ ᠲᠤ ᠪᠠᠶᠢᠴᠠᠭᠠᠯᠲᠠ ᠬᠢᠵᠦ᠂ ᠠᠶᠤᠯᠲᠠᠢ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠂ ᠬᠥᠮᠥᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠂ ᠦᠢᠯᠡᠳᠪᠦᠷᠢᠯᠡᠯ ᠠᠵᠢᠯᠯᠠᠭᠠᠨ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ ᠃ ᠲᠡᠷᠡ ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ ᠂ ᠡᠯ᠎ᠡ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠴᠢᠩᠭ᠎ᠠ ᠬᠢᠨᠠᠨ ᠵᠢᠯᠤᠭᠤᠳᠴᠤ ᠂ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠰᠠᠯᠠᠭ᠎ᠠ ᠮᠥᠴᠢᠷ ᠤᠨ ᠬᠥᠨᠳᠡᠯᠡᠨ ᠢᠶᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠶᠢ ᠴᠢᠩᠭ᠎ᠠ ᠵᠢᠷᠤᠮᠯᠠᠨ ᠬᠥᠮᠥᠨ ᠢᠶᠠᠷ ᠰᠡᠷᠭᠡᠶᠢᠯᠡᠬᠦ ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠶᠤᠯ ᠤᠨ ᠡᠬᠢ ᠰᠤᠷᠪᠤᠯᠵᠢ ᠂ ᠠᠶᠤᠯᠲᠠᠢ ᠬᠢᠮᠢ ᠶᠢᠨ ᠪᠣᠳᠠᠰ ᠢ ᠲᠡᠭᠡᠭᠡᠪᠦᠷᠢᠯᠡᠬᠦ ᠠᠴᠢᠶᠠᠯᠠᠵᠤ ᠪᠠᠭᠤᠯᠭᠠᠬᠤ ᠵᠡᠷᠭᠡ ᠡᠯ᠎ᠡ ᠭᠤᠭᠴᠤᠭ᠎ᠠ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠵᠦ ᠂ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠪᠠᠲᠤᠯᠠᠵᠤ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ ᠂ ᠠᠶᠤᠯᠭᠦᠢ ᠦᠢᠯᠡᠳᠪᠦᠷᠢᠯᠡᠯ ᠤᠨ ᠴᠤᠪᠤᠷᠠᠯ ᠢ ᠵᠢᠷᠤᠮᠵᠢᠭᠤᠯᠤᠨ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠎ ᠠᠴᠠ ᠡᠮᠦᠨᠡᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠶᠤᠯᠭᠦᠢ ᠶᠢᠨ ᠪᠡᠯᠡᠳᠬᠡᠮᠵᠢ ᠲᠥᠬᠦᠭᠡᠷᠦᠮᠵᠢ ᠶᠢ ᠴᠠᠭ ᠲᠤᠬᠠᠢ ᠳᠤᠨᠢ ᠰᠢᠨᠡᠳᠬᠡᠵᠦ᠂ ᠢᠯᠡ ᠭᠠᠵᠠᠷ ᠲᠤ ᠠᠶᠤᠯᠭᠦᠢ ᠶᠢᠨ ᠰᠡᠷᠡᠮᠵᠢ ᠶᠢᠨ ᠫᠠᠶᠢᠰᠠ ᠨᠠᠭᠠᠵᠤ᠂ ᠠᠶᠤᠯ ᠲᠦᠭᠰᠢᠭᠦᠷᠢ ᠶᠢᠨ ᠭᠡᠮ ᠰᠤᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢᠶᠣᠣ ᠦ᠋ ᠵᠢᠶᠠ ᠰᠢᠶᠠᠩ ᠤᠨ ᠳ᠋ᠠ ᠶᠢᠨ ᠭᠧᠦ ᠲᠣᠰᠬᠤᠨ ᠳᠤ᠂ ᠵᠠᠩ ᡁᠢ ᠸᠧᠢ ᠤᠰᠤ ᠲᠠᠲᠠᠷᠠᠭᠤᠯᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠡᠷᠡ ᠴᠢᠬᠤᠯᠠᠴᠢᠯᠠᠭᠰᠠᠨ ᠨᠢ᠂ ︽ᠳᠣᠯᠣᠭᠠᠨ  ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾᠎ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ ᠂ ᠦᠶᠡᠷ ᠤᠨ ᠪᠠᠶᠢᠳᠠᠯ ᠪᠣᠷᠣᠭᠠᠨ ᠤ ᠪᠠᠶᠢᠳᠠᠯ ᠎ ᠢ ᠨᠢᠭᠲᠠ ᠬᠢᠨᠠᠨ ᠪᠠᠶᠢᠴᠠᠭᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠎ ᠳᠤ ᠨᠢ ᠨᠡᠶᠢᠲᠡᠯᠡᠵᠦ ᠂ ᠵᠢᠵᠢᠭᠦᠷᠯᠡᠨ ᠰᠠᠬᠢᠬᠤ ᠪᠠ ᠲᠣᠭᠤᠷᠢᠨ ᠪᠠᠶᠢᠴᠠᠭᠠᠬᠤ ᠎ ᠶᠢ ᠴᠢᠩᠭᠠᠳᠬᠠᠨ ᠂ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠣᠷᠣᠨ ᠪᠠᠶᠢᠷᠢ ᠪᠣᠯᠣᠨ ᠪᠠᠭᠤᠷᠠᠢ ᠭᠤᠭᠴᠤᠭ᠎ᠠ ᠎ ᠶᠢ ᠴᠢᠩᠭ᠎ᠠ ᠠᠵᠢᠭᠯᠠᠵᠤ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠭᠡᠮ ᠰᠤᠭᠤᠭ ᠢ ᠵᠢᠭᠰᠠᠭᠠᠨ ᠪᠠᠶᠢᠴᠠᠭᠠᠬᠤ ᠎ ᠶᠢ ᠦᠷᠭᠦᠯᠵᠢᠯᠡᠨ ᠥᠷᠨᠢᠭᠦᠯᠵᠦ ᠂ ᠦᠶᠡᠷ ᠎ ᠤᠨ ᠪᠠᠶᠢᠳᠠᠯ ᠤᠨ ᠬᠤᠪᠢᠷᠠᠯᠲᠠ ᠎ ᠶᠢ ᠦᠨᠳᠦᠰᠦᠯᠡᠨ ᠰᠦᠷᠳᠡᠭᠦᠯᠦᠯ ᠎ ᠳᠤ ᠤᠴᠠᠷᠠᠵᠤ ᠮᠡᠳᠡᠬᠦ ᠤᠯᠠᠨ ᠲᠦᠮᠡᠨ ᠢ ᠡᠷᠡᠰ ᠰᠢᠭᠤᠷᠬᠠᠢ ᠪᠠᠷ ᠰᠢᠯᠵᠢᠭᠦᠯᠵᠦ ᠂ ᠠᠷᠠᠳ ᠤᠯᠠᠨ ᠎ ᠤ ᠠᠮᠢ ᠨᠠᠰᠤ ᠡᠳ᠋ ᠬᠥᠷᠥᠩᠭᠡ ᠎ ᠶᠢᠨ ᠠᠮᠤᠷ ᠲᠦᠪᠰᠢᠨ ᠎ ᠢ ᠦᠨᠡᠨᠬᠦ ᠪᠠᠲᠤᠯᠠᠬᠤ ᠬᠡᠷᠡᠭᠲᠡᠢ ᠃ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃    ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠂ ᠰᠢᠶᠣᠣ ᠦ᠋ ᠵᠢᠶᠠ ᠰᠢᠶᠠᠩ ᠤᠨ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1