ᠶᠤᠸᠠᠨ ᠪᠦᠦ ᠱᠠᠨ ᠲᠣᠭᠤᠷᠢᠭ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠦᠪᠯᠡᠯ ᠤᠨ ᠳᠥᠷᠪᠡᠳᠥᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/11
    8 ᠰᠠᠷ᠎ᠠ ᠶᠢᠨ 10 ᠎ ᠤ ᠡᠳᠦᠷ ᠂ ᠶᠤᠸᠠᠨ ᠪᠦᠦ ᠱᠠᠨ ᠲᠣᠭᠤᠷᠢᠭ ᠶᠢᠰᠦᠳᠦᠭᠡᠷ ᠬᠤᠭᠤᠴᠠᠭᠠᠨ ᠤ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠦᠪᠯᠡᠯ ᠤᠨ ᠳᠥᠷᠪᠡᠳᠥᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠤᠳᠤᠷᠢᠳᠤᠯᠭ᠎ᠠ ᠯᠢ ᠺᠠᠢ᠂ ᠯᠢᠦ ᠬᠠᠢ ᠬᠠᠢ᠂ ᠬᠠᠨ ᠶᠠᠨ ᠵᠢᠶᠦ᠋ᠨ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠸ᠂ ᠶᠢᠨ ᠲᠧᠩ ᠵᠢᠶᠣᠣ᠂ ᠯᠢᠦ ᠹᠧᠩ ᠬᠤᠸᠠ᠂ ᠹᠠᠨ ᠰᠢᠶᠣᠣ ᠴᠢᠦ ᠬᠤᠷᠠᠯ ᠳᠤ ᠣᠷᠣᠯᠴᠠᠵᠠᠢ᠃    ᠬᠤᠷᠠᠯ ᠠᠴᠠ ᠨᠠᠢᠮᠠᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠥᠪᠯᠡᠯ ᠤᠨ ᠬᠡᠰᠡᠭ ᠭᠡᠰᠢᠭᠦᠨ ᠪᠠ ᠡᠯ᠎ᠡ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ᠂ ︽ᠶᠤᠸᠠᠨ ᠪᠦᠦ ᠱᠠᠨ ᠲᠣᠭᠤᠷᠢᠭ ᠤᠨ ︿ᠬᠤᠲᠠ ᠰᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ﹀᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ︵ᠬᠢᠨᠠᠭᠤᠯᠬᠤ ᠪᠠᠷ ᠬᠦᠷᠭᠡᠬᠦ ᠨᠣᠣᠷᠠᠭ︶︾ ᠂ ︽ᠶᠤᠸᠠᠨ ᠪᠦᠦ ᠱᠠᠨ ᠲᠣᠭᠤᠷᠢᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ︵ᠬᠢᠨᠠᠭᠤᠯᠬᠤ ᠪᠠᠷ ᠬᠦᠷᠭᠡᠬᠦ ᠨᠣᠣᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠪᠡ︔ ᠲᠣᠭᠤᠷᠢᠭ ᠤᠨ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠬᠤᠷᠠᠯ ᠠᠴᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠵᠢᠷᠤᠮᠵᠢᠭᠤᠯᠵᠤ᠂ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠬᠦ᠂ ᠪᠠᠶᠢᠴᠠᠭᠠᠬᠤ ᠪᠠ ᠦᠨᠡᠯᠡᠨ ᠵᠢᠱᠢᠬᠦ ᠶᠢ ᠴᠢᠩᠭᠠᠳᠬᠠᠵᠤ᠂ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠵᠤ ᠂ ᠬᠠᠤᠯᠢ ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠤ ᠠᠵᠢᠯᠯᠠᠭᠠᠨ ᠤ ᠵᠢᠯᠣᠭᠤᠳᠤᠯᠭ᠎ᠠ ᠶᠢ ᠪᠦᠷᠢᠨᠰᠢᠭᠦᠯᠵᠦ ᠂ ᠭᠤᠣᠯᠳᠠᠯᠭ᠎ᠠ ᠲᠠᠢ ᠬᠦᠷᠢᠶᠡᠨ ᠤ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠂ ᠪᠠᠶᠢᠴᠠᠭᠠᠬᠤ ᠪᠠᠶᠢᠭᠤᠯᠭ᠎ᠠ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠯᠴᠠᠨ ᠵᠣᠯᠭᠠᠯᠳᠤᠭᠰᠠᠨ ᠶᠡᠭᠡ ᠬᠢᠨᠠᠯᠲᠠ ᠶᠢᠨ ᠪᠠᠶᠢᠷᠢᠰᠢᠯ ᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ︽ ᠪᠦᠬᠦ ᠠᠮᠢ ᠨᠠᠰᠤᠨ ᠤ ᠦᠶᠡᠯᠡᠯ ︾᠎ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠰᠦᠪᠡᠭᠴᠢᠯᠡᠨ ᠪᠠᠶᠢᠭᠤᠯᠵᠤ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠭᠡᠨ ᠳᠤ ᠣᠷᠣᠯᠴᠠᠬᠤ ᠶᠢ ᠬᠠᠤᠯᠢ ᠶᠣᠰᠣᠭᠠᠷ ᠪᠠᠲᠤᠯᠠᠵᠤ ᠂ ᠡᠷᠡᠭᠦᠯ ᠪᠥᠭᠡᠳ ᠡᠮᠬᠢ ᠳᠢᠭᠯᠢᠮ ᠲᠠᠢ ᠬᠠᠥᠯᠢᠵᠢᠭ᠌ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠪᠤᠢ ᠪᠣᠯᠭᠠᠬᠤ ᠬᠡᠷᠡᠭᠲᠡᠢ ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠭᠤᠯᠵᠤ ᠂ ᠬᠠᠤᠯᠢ ᠶᠢ ᠡᠷᠬᠢᠮᠯᠡᠨ ᠰᠠᠶᠢᠨ ᠵᠦᠭ ᠲᠤ ᠵᠢᠳᠬᠦᠬᠦ ᠂ ᠬᠠᠤᠯᠢ ᠶᠢ ᠵᠢᠷᠤᠮᠯᠠᠨ ᠠᠵᠢᠯᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠃ ᠬᠠᠤᠯᠢ ᠪᠠᠷ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠵᠤ ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠥᠷᠢᠯᠡᠵᠦ᠂ ᠴᠤᠬᠤᠶᠢᠵᠤ ᠪᠠᠶᠢᠭ᠎ᠠ ᠱᠠᠲᠤᠨ ᠳᠤᠨᠢ ᠤᠰᠠᠳᠬᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠲᠣᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠵᠥᠪᠯᠡᠯ ᠤᠨ ᠠᠯᠪᠠᠨ ᠭᠡᠷ ᠨᠢ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠰᠢᠪᠠᠳᠠᠨ ᠨᠠᠶᠢᠳᠠᠪᠤᠷᠢᠵᠢᠭᠤᠯᠬᠤ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠨ᠂ ᠡᠯ᠎ᠡ ᠵᠣᠬᠢᠴᠠᠭᠤᠯᠬᠤ ᠳᠤᠭᠤᠶᠢᠯᠠᠩ ᠪᠠ ᠡᠯ᠎ᠡ ᠪᠦᠷᠢᠯᠳᠦᠭᠦᠨ ᠨᠢᠭᠡᠴᠢ ᠶᠢ ᠵᠢᠯᠣᠭᠤᠳᠤᠨ ᠰᠢᠪᠠᠳᠠᠵᠤ ᠪᠠᠶᠢᠭᠠᠳ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠯᠭᠡᠬᠦ ᠬᠡᠷᠡᠭᠲᠡᠢ᠃ ᠡᠯ᠎ᠡ ᠵᠣᠬᠢᠴᠠᠭᠤᠯᠬᠤ ᠳᠤᠭᠤᠶᠢᠯᠠᠩ ᠨᠢ ᠲᠣᠰ ᠬᠦᠷᠢᠶ᠎ᠡ ᠴᠠᠷᠠᠭ᠎ᠠ ᠶᠢᠨ ᠢᠶᠠᠨ ᠬᠠᠤᠯᠢ ᠪᠠᠷ ᠵᠠᠰᠠᠬᠤ ᠠᠵᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠬᠠᠤᠯᠢ ᠎ ᠪᠠᠷ ᠲᠣᠭᠤᠷᠢᠭ ᠢᠶᠠᠨ ᠵᠠᠰᠠᠬᠤ ᠵᠥᠪᠯᠡᠯ ᠤᠨ ᠲᠣᠭᠲᠠᠭᠠᠭᠰᠠᠨ ᠵᠦᠢᠯᠡᠰ ᠪᠠ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠢ ᠨᠦᠭᠦᠳ ᠨᠢᠭᠲᠠ ᠬᠠᠮᠵᠢᠯᠴᠠᠵᠤ ᠂ ᠰᠢᠰᠲ᠋ᠧᠮ ᠪᠠ ᠬᠡᠰᠡᠭ ᠢ ᠤᠶᠠᠯᠳᠤᠭᠤᠯᠤᠭᠰᠠᠨ ᠂ ᠰᠠᠶᠢᠨ ᠨᠥᠬᠦᠴᠡᠯᠳᠦᠭᠰᠡᠨ ᠬᠠᠤᠯᠢ ᠪᠠᠷ ᠵᠠᠰᠠᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠢ ᠃ ᠭᠤᠣᠯ ᠬᠠᠷᠢᠭᠤᠴᠠᠯᠭᠠᠲᠠᠨ ᠨᠥᠬᠦᠳ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠨᠢᠭᠡᠳᠦᠭᠡᠷ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠂ ᠡᠯ᠎ᠡ ᠵᠦᠢᠯ ᠤᠨ ᠠᠵᠢᠯ ᠳᠤ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1