ᠥ᠋ ᠵᠢᠶᠠ ᠪᠠᠯᠭᠠᠰᠤ ︽ᠭᠡᠷ ᠲᠡᠭᠡᠨ ᠬᠤᠴᠣᠷᠤᠭᠰᠠᠨ ᠬᠡᠥᠬᠡᠳ ᠢ ᠬᠠᠯᠠᠮᠵᠢᠯᠠᠨ ᠬᠠᠶᠢᠷᠠᠯᠠᠵᠤ᠂ ᠵᠣᠯ ᠵᠢᠷᠭᠠᠯ ᠢ ᠬᠠᠮᠲᠤ ᠪᠠᠷ ᠡᠳ᠋ᠯᠡᠬᠦ︾ ᠵᠣᠨ ᠤ ᠠᠮᠠᠷᠠᠯᠲᠠ ᠶᠢᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/15
    ᠣᠶᠢᠷ᠎ᠠ ᠳᠤ᠂ ᠦ᠋ ᠵᠢᠶᠠ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠎ ᠲᠠᠢ ᠬᠤᠯᠪᠤᠭᠠᠯᠠᠨ ︽ᠭᠡᠷ ᠲᠡᠭᠡᠨ ᠬᠤᠴᠣᠷᠤᠭᠰᠠᠨ ᠬᠡᠦᠬᠡᠳ ᠎ ᠢ ᠬᠠᠯᠠᠮᠵᠢᠯᠠᠨ ᠬᠠᠶᠢᠷᠠᠯᠠᠵᠤ ᠂ ᠵᠣᠯ ᠵᠢᠷᠭᠠᠯ ᠢ ᠬᠠᠮᠲᠤ ᠪᠠᠷ ᠡᠳ᠋ᠯᠡᠬᠦ ︾ ᠵᠣᠨ ᠤ ᠠᠮᠠᠷᠠᠯᠲᠠ ᠶᠢᠨ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠵᠣᠨ ᠤ ᠠᠮᠠᠷᠠᠯᠲᠠ ᠶᠢᠨ ᠠᠮᠢᠳᠤᠷᠠᠯ ᠢ ᠪᠠᠶᠠᠯᠢᠭᠵᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠩᠬᠠᠷᠴᠤ ᠪᠠᠶᠢᠨ᠎ᠠ᠃
1_副本.jpg
       ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠬᠡᠦᠬᠡᠳ ᠤᠳ ᠢ ᠳᠠᠭᠠᠭᠤᠯᠤᠨ ︽ᠲᠤᠭᠤᠷ ᠤᠨ ᠴᠡᠴᠡᠭ ᠮᠢᠷᠠᠯᠵᠠᠨ ᠳᠡᠯᠭᠡᠷᠡᠨ᠎ᠡ︾ ᠪᠠ ︽ ᠰᠡᠭᠦᠳᠡᠷᠡᠯᠡᠨ ᠠᠪᠴᠦ ᠲᠠᠯᠪᠢᠬᠤ︾ ᠰᠣᠨᠢᠷᠬᠠᠯᠲᠤ ᠲᠣᠭᠯᠠᠭᠠᠮ᠂ ᠤᠷ᠎ᠠ ᠴᠢᠳᠠᠪᠤᠷᠢ ᠶᠢᠨ ᠦᠵᠡᠭᠦᠯᠦᠯᠭᠡ᠂ ᠰᠤᠷᠭᠠᠨ ᠬᠥᠮᠦᠵᠢᠯ ᠤᠨ ᠣᠬᠤᠷ ᠹᠢᠯᠢᠮ ᠰᠤᠨᠢᠷᠬᠠᠬᠤ ᠪᠠ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠣᠶᠢᠯᠠᠭᠠᠬᠤ ᠰᠢᠷᠢᠰ ᠠᠵᠢᠯᠯᠠᠭ᠎ᠠ ᠎ ᠪᠠᠷ ᠳᠠᠮᠵᠢᠭᠤᠯᠤᠨ᠂ ᠬᠡᠦᠬᠡᠳ ᠤᠳ ᠤᠨ ᠪᠡᠶ᠎ᠡ ᠰᠡᠳᠬᠢᠯ ᠢ ᠪᠠᠶᠠᠰᠬᠠᠨ ᠂ ᠭᠠᠷ ᠬᠥᠳᠡᠯᠬᠦ ᠴᠢᠳᠠᠪᠤᠷᠢ ᠶᠢ ᠨᠢ ᠪᠣᠯᠪᠠᠰᠤᠷᠠᠭᠤᠯᠬᠤ ᠶᠢᠨ ᠬᠠᠮᠲᠤ ᠵᠣᠬᠢᠶᠠᠨ ᠪᠦᠲᠦᠭᠡᠬᠦ ᠠᠪᠢᠶᠠᠰ ᠪᠢᠯᠢᠭ ᠪᠠ ᠠᠮᠢᠳᠤᠷᠠᠯ᠂ ᠰᠤᠷᠤᠯᠴᠠᠯᠭ᠎ᠠ ᠶᠢᠨ ᠤᠷᠮ᠎ᠠ ᠵᠣᠷᠢᠭ ᠢ ᠨᠢ ᠬᠥᠭᠵᠢᠭᠡᠪᠡ᠃
3_副本.jpg
       ᠪᠠᠶᠠᠷ ᠪᠠᠶᠠᠰᠬᠤᠯᠠᠩᠲᠠᠢ ︽ᠲᠤᠭᠤᠷ ᠤᠨ ᠴᠡᠴᠡᠭ ᠮᠢᠷᠠᠯᠵᠠᠨ ᠳᠡᠯᠭᠡᠷᠡᠨ᠎ᠡ︾ ᠭᠡᠬᠦ ᠠᠶᠠᠰ ᠢᠶᠠᠷ ᠲᠣᠭᠯᠠᠭᠠᠮ ᠤᠨ ᠬᠥᠰᠢᠭᠡ ᠰᠡᠬᠦᠭᠳᠡᠵᠦ᠂ ᠲᠣᠭᠯᠠᠭᠠᠮ ᠤᠨ ᠳᠤᠮᠳᠠ ᠬᠡᠦᠬᠡᠳ ᠤᠳ ᠤᠨ ᠠᠩᠬᠠᠷᠤᠯ ᠳᠡᠭᠡᠳᠦ ᠬᠡᠮᠵᠢᠶ᠎ᠡ ᠪᠠᠷ ᠲᠥᠪᠯᠡᠷᠡᠨ ᠂ ᠲᠤᠬᠠᠢ ᠶᠢᠨ ᠲᠠᠯᠠᠪᠤᠷ ᠲᠤ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ︽ᠲᠤᠭᠤᠷ ᠤᠨ ᠴᠡᠴᠡᠭ ᠮᠢᠷᠠᠯᠵᠠᠨ ᠳᠡᠯᠭᠡᠷᠡᠨ᠎ᠡ ︾ ᠭᠡᠬᠦ ᠲᠣᠭᠯᠠᠭᠠᠮ ᠎ ᠨᠢ ᠬᠥᠮᠥᠰ ᠢ ᠮᠠᠰᠢ ᠲᠦᠷᠭᠡᠨ ᠢᠶᠠᠷ ᠣᠶᠢᠷᠠᠲᠤᠭᠤᠯᠤᠭᠰᠠᠨ ᠢᠶᠠᠷ ᠪᠠᠷᠠᠬᠤ ᠦᠭᠡᠢ᠂ ᠪᠠᠰᠠ ᠬᠡᠦᠬᠡᠳ ᠤᠳ ᠤᠨ ᠰᠣᠨᠣᠷ ᠤᠨ ᠰᠡᠷᠡᠯ᠂ ᠠᠩᠬᠠᠷᠤᠯ ᠢᠶᠠᠨ ᠲᠥᠪᠯᠡᠷᠡᠭᠦᠯᠬᠦ ᠪᠠ ᠲᠤᠰᠬᠠᠯ ᠤᠨ ᠬᠤᠷᠴᠠᠯᠢᠭ ᠤᠨ ᠬᠡᠮᠵᠢᠶ᠎ᠡ ᠶᠢ ᠴᠦ ᠪᠣᠯᠪᠠᠰᠤᠷᠠᠭᠤᠯᠵᠠᠢ᠃    ︽ ᠰᠡᠭᠦᠳᠡᠷᠡᠯᠡᠨ ᠠᠪᠴᠦ ᠲᠠᠯᠪᠢᠬᠤ ︾ ᠰᠣᠨᠢᠷᠬᠠᠯᠲᠤ ᠲᠣᠭᠯᠠᠭᠠᠮ ᠂ ᠤᠷ᠎ᠠ ᠴᠢᠳᠠᠪᠤᠷᠢ ᠶᠢᠨ ᠦᠵᠡᠭᠦᠯᠦᠯᠭᠡ ᠂ ᠰᠤᠷᠭᠠᠨ ᠬᠥᠮᠦᠵᠢᠯ ᠤᠨ ᠣᠬᠤᠷ ᠹᠢᠯᠢᠮ ᠢ ᠰᠣᠨᠢᠷᠬᠠᠬᠤ ᠪᠠᠷ ᠳᠠᠮᠵᠢᠨ ᠠᠵᠢᠯᠯᠠᠭ᠎ᠠ ᠎ ᠶᠢ ᠤᠷᠬᠢᠯ ᠳᠤᠨᠢ ᠬᠦᠷᠭᠡᠵᠦ ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠬᠡᠦᠬᠡᠳ ᠤᠳ ᠲᠤ ᠰᠤᠷᠤᠯᠭ᠎ᠠ ᠶᠢᠨ ᠬᠡᠷᠡᠭᠰᠡᠯ ᠲᠦᠭᠡᠭᠡᠵᠦ ᠥᠭᠴᠡᠢ᠃
2_副本.jpg
       ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠣᠶᠢᠯᠠᠭᠠᠬᠤ ᠠᠵᠢᠯᠯᠠᠭ᠎ᠠ ᠳᠤᠮᠳᠠ ᠂ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠨ ᠤ ᠬᠠᠷᠢᠭᠤᠴᠠᠯᠭᠠᠲᠠᠨ ᠠᠴᠠ ᠤᠯᠠᠨ ᠳᠤ ᠥᠩᠭᠡᠲᠦ ᠬᠤᠯᠤ ᠬᠢᠬᠦ ᠠᠷᠭ᠎ᠠ ᠪᠠ ᠳᠡᠮ ᠢ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠨ ᠥᠭᠴᠦ᠂ ᠪᠢᠴᠢᠬᠠᠨ ᠨᠠᠶᠢᠵᠠ ᠨᠠᠷ ᠪᠠᠭᠰᠢ ᠶᠢᠨ ᠢᠶᠠᠨ ᠲᠠᠶᠢᠯᠪᠤᠷᠢᠯᠠᠯᠲᠠ ᠶᠢ ᠥᠨᠳᠥᠰᠦᠯᠡᠨ᠂ ᠨᠠᠷᠢᠨ ᠲᠠᠭᠠᠪᠤᠷᠢᠯᠠᠵᠤ ᠂ ᠨᠢᠮᠪᠠᠢ ᠥᠢᠯᠡᠳᠪᠡ᠃ ᠰᠠᠶᠢᠨ ᠳᠤᠷ᠎ᠠ ᠶᠢᠨ ᠠᠵᠢᠯᠯᠠᠭᠴᠢᠳ ᠪᠣᠯᠣᠨ ᠪᠢᠴᠢᠬᠠᠨ ᠨᠠᠶᠢᠵᠠ ᠨᠠᠷ ᠤᠨ ᠬᠠᠮᠲᠤ ᠶᠢᠨ ᠴᠢᠷᠮᠠᠶᠢᠯᠭ᠎ᠠ ᠪᠠᠷ ᠂ ᠬᠥᠭᠡᠷᠦᠬᠦᠨ ᠰᠠᠶᠢᠬᠠᠨ ᠥᠩᠭᠡᠲᠦ ᠬᠤᠯᠤ ᠶᠢ ᠬᠢᠵᠦ ᠭᠠᠷᠭᠠᠵᠠᠢ᠃ ᠠᠮᠢᠳᠤ ᠴᠣᠪᠣᠭᠤᠯᠢᠭ ᠪᠦᠲᠦᠭᠡᠯ ᠤᠳ ᠢ ᠬᠠᠷᠠᠭᠠᠳ᠂ ᠲᠤᠬᠠᠢ ᠶᠢᠨ ᠲᠠᠯᠠᠪᠤᠷ ᠤᠨ ᠬᠥᠮᠥᠨ ᠪᠣᠯᠭᠠᠨ ᠤ ᠴᠢᠷᠠᠢ ᠳᠤ ᠴᠥᠮ ᠪᠠᠶᠠᠷ ᠤᠨ ᠢᠨᠢᠶᠡᠮᠰᠦᠭᠯᠡᠯ ᠲᠣᠳᠣᠷᠠᠵᠤ ᠪᠠᠶᠢᠯ᠎ᠠ᠃    ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠪᠢᠴᠢᠬᠠᠨ ᠨᠠᠶᠢᠵᠠ ᠨᠠᠷ ᠲᠤ ᠭᠡᠷ ᠲᠡᠭᠡᠨ ᠬᠤᠴᠣᠷᠤᠭᠰᠠᠨ ᠬᠡᠦᠬᠡᠳ ᠤᠨ ᠲᠤᠬᠠᠢ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠬᠢᠵᠦ᠂ ᠪᠢᠴᠢᠬᠠᠨ ᠨᠠᠶᠢᠵᠠ ᠨᠠᠷ ᠮᠠᠰᠢ ᠬᠠᠮᠵᠢᠯᠴᠠᠨ ᠠᠰᠠᠭᠤᠯᠲᠠ ᠶᠢᠨ ᠬᠠᠭᠤᠳᠠᠰᠤ ᠶᠢ ᠬᠠᠷᠢᠭᠤᠯᠤᠭᠰᠠᠨ ᠢᠶᠠᠷ ᠪᠠᠷᠠᠬᠤ ᠦᠭᠡᠢ᠂ ᠨᠠᠩ ᠴᠤ ᠠᠰᠠᠭᠤᠯᠲᠠ ᠶᠢᠨ ᠬᠠᠭᠤᠳᠠᠰᠤᠨ ᠳᠡᠭᠡᠷ᠎ᠡ ᠡᠴᠢᠭᠡ ᠡᠬᠡ ᠳᠡᠭᠡᠨ ᠲᠠᠯᠠᠷᠬᠠᠯ ᠤᠨ ᠦᠭᠡ ᠪᠢᠴᠢᠵᠦ᠂ ᠠᠬᠤᠢ ᠲᠠᠯᠠᠪᠤᠷ ᠬᠠᠯᠠᠭᠤᠨ ᠳᠣᠳᠤᠨᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ᠡᠨᠡ ᠤᠳᠠᠭᠠᠨ ᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠨᠢ ᠬᠡᠦᠬᠡᠳ ᠤᠳ ᠤᠨ ᠪᠠᠭ᠋ᠠᠷᠬᠠᠯ ᠢ ᠣᠯᠣᠭᠰᠠᠨ ᠪᠥᠭᠡᠳ ᠰᠠᠶᠢᠨ ᠳᠤᠷ᠎ᠠ ᠶᠢᠨ ᠠᠵᠢᠯᠯᠠᠭᠴᠢᠳ ᠎ ᠲᠤ ᠴᠦ ᠶᠡᠬᠡᠲᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠠᠵᠢᠯᠯᠠᠭ᠎ᠠ ᠳᠠᠭᠤᠰᠤᠭᠰᠠᠨ ᠪᠣᠯᠪᠠᠴᠤ ᠰᠠᠶᠢᠨ ᠳᠤᠷ᠎ᠠ ᠶᠢᠨ ᠠᠵᠢᠯᠯᠠᠭᠴᠢᠳ ᠎ ᠲᠤ ᠮᠥᠨ ᠯᠡ ᠭᠡᠷ ᠲᠡᠭᠡᠨ ᠬᠤᠴᠣᠷᠤᠭᠰᠠᠨ ᠬᠡᠦᠬᠡᠳ ᠤᠳ ᠤᠨ ᠠᠷᠢᠭᠤᠨ ᠴᠠᠶᠢᠯᠭᠠᠨ ᠢᠨᠢᠶᠡᠮᠰᠦᠭᠯᠡᠯ ᠪᠠ ᠡᠷᠡᠰ ᠪᠠᠲᠤ ᠰᠤᠷᠤᠯᠴᠠᠬᠤ ᠢᠲᠡᠭᠡᠯ ᠵᠣᠷᠢᠭ ᠰᠠᠨᠠᠭᠳᠠᠨ ᠰᠡᠳᠬᠢᠯ ᠳᠤ ᠨᠢ ᠳᠠᠪᠠᠯᠭᠠᠨ ᠣᠶᠢᠯᠥᠨ ᠪᠠᠶᠢᠯ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1