ᠶᠤᠸᠠᠨ ᠪᠦᠦ ᠱᠠᠨ ᠲᠣᠭᠤᠷᠢᠭ ᠠᠵᠤ ᠠᠬᠤᠶᠢᠯᠠᠯ ᠳᠤ ᠰᠡᠳᠬᠢᠯ ᠲᠠᠯᠪᠢᠨ ᠦᠢᠯᠡᠴᠢᠯᠡᠵᠦ ᠥᠨᠢᠷ ᠬᠥᠭᠵᠢᠯᠲᠡ ᠶᠢᠨ ᠰᠢᠮᠡᠯᠢᠭ ᠬᠥᠷᠥᠰᠥ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/8/15
    ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠶᠠᠪᠤᠴᠠ ᠳᠠᠬᠢ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ︽ ᠠᠵᠤ ᠠᠬᠤᠶᠢᠯᠠᠯ ᠢ ᠬᠠᠪᠰᠤᠷᠴᠤ ᠳᠠᠬᠢᠨ ᠢᠶᠠᠷ ᠨᠡᠮᠡᠭᠳᠡᠭᠦᠯᠬᠦ ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠥᠯᠥᠭᠡ ᠂ ᠶᠤᠸᠠᠨ ᠪᠦᠦ ᠱᠠᠨ ᠲᠣᠭᠤᠷᠢᠭ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ ᠂ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠵᠤ ᠂ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠂ ᠡᠵᠡᠩᠨᠡᠨ ᠬᠤᠳᠠᠯᠳᠤᠭᠠᠯᠠᠬᠤ ᠣᠷᠴᠢᠨ  ᠨᠦᠬᠦᠴᠡᠯ ᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠵᠤ ᠪᠠᠶᠢᠨ᠎ᠠ᠃    ᠲᠥᠷᠦ ᠶᠢᠨ ᠪᠣᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠪᠠ᠃ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠥᠷᠭᠡᠨ ᠬᠡᠪᠴᠢᠶ᠎ᠡ ᠪᠠᠷ ᠨᠠᠭᠠᠬᠤ ᠪᠠ ᠬᠦᠷᠭᠡᠬᠦ᠂ ᠳᠠᠭᠠᠭᠠᠴᠢᠯᠠᠨ ᠬᠤᠯᠪᠣᠭᠠᠯᠠᠭᠰᠠᠳ ᠨᠢᠭᠡ ᠨᠢᠭᠡ ᠪᠠᠷ ᠭᠡᠷ ᠲᠤᠨᠢ ᠬᠦᠷᠭᠡᠵᠦ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠤᠬᠠᠭᠤᠯᠤᠨ ᠬᠦᠷᠭᠡᠵᠦ᠂ ᠨᠢᠭᠡᠨᠲᠡ ᠨᠡᠶᠢᠲᠡᠯᠡᠭᠰᠡᠨ ᠠᠳᠠᠯ ᠦᠢᠯᠡᠰ ᠴᠣᠭᠴᠠᠯᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ  ᠳᠡᠭᠡᠭᠰᠢᠯᠡᠭᠦᠯᠪᠡ᠃ ᠡᠭᠦᠨ ᠤ ᠵᠡᠷᠭᠡ ᠳᠤ ᠲᠥᠷᠥ ᠶᠢᠨ ᠪᠣᠳᠣᠯᠭ᠎ᠠ ᠎ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠠᠢ ᠲᠥᠯᠬᠢᠨ ᠠᠬᠢᠭᠤᠯᠪᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠮᠥᠷᠳᠡᠬᠦ ᠂ ᠦᠨᠡᠯᠡᠨ ᠵᠢᠱᠢᠬᠦ ᠶᠢ ᠴᠢᠩᠭᠠᠳᠬᠠᠵᠤ᠂ ︽ᠨᠥᠬᠦᠪᠦᠷᠢᠯᠡᠬᠦ᠂ ᠱᠠᠩᠨᠠᠬᠤ᠂ ᠬᠡᠯᠲᠦᠷᠢᠭᠦᠯᠬᠦ᠂ ᠬᠠᠪᠰᠤᠷᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠰᠢᠭᠤᠳ ᠬᠦᠷᠴᠦ᠂ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ︽ᠪᠣᠳᠠᠲᠠᠢ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ︾᠎ ᠶᠢ ᠢᠳᠡᠪᠬᠢᠲᠡᠢ ᠠᠬᠢᠭᠤᠯᠪᠠ᠃    ᠠᠰᠠᠭᠤᠨ ᠰᠣᠷᠪᠤᠯᠵᠢᠯᠠᠵᠤ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠪᠡ ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠤ ᠠᠬᠤᠶᠢᠯᠠᠯ ᠬᠤᠳᠠᠯᠳᠤᠭᠠᠴᠢᠳ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠥᠢᠯᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠤᠯᠲᠠ᠂ ᠬᠠᠤᠯᠢ ᠳᠦᠷᠢᠮ ᠤᠨ ᠣᠷᠴᠢᠨ ᠲᠣᠭᠤᠷᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠲᠠᠯ᠎ᠠ ᠶᠢᠨ ᠦᠨᠡᠯᠡᠯᠲᠡ ᠶᠢ ᠬᠦᠯᠢᠴᠡᠩᠭᠦᠢ ᠪᠠᠷ ᠯᠠᠪᠯᠠᠨ ᠠᠰᠠᠭᠤᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠳᠡᠭᠡᠭᠰᠢᠯᠡᠭᠦᠯᠬᠦ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ ᠲᠡᠮᠳᠡᠭᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠨ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠡᠮᠬᠢ ᠵᠢᠷᠤᠮ ᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠰᠢᠢᠳᠪᠦᠷᠢᠯᠡᠨ ᠥᠭᠴᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃    ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠪᠠ᠃ ︽ ᠠᠶᠤᠯᠭᠦᠢ ᠦᠢᠯᠡᠳᠪᠦᠷᠢᠯᠡᠯ ᠤᠨ ᠰᠠᠷ᠎ᠠ︾᠎ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠬᠡᠰᠡᠭ ᠠᠵᠤ ᠠᠬᠤᠶᠢᠯᠠᠯ ᠳᠤ ᠬᠦᠷᠴᠦ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠠᠮᠤᠷ ᠲᠦᠪᠰᠢᠨ ᠤ ᠭᠡᠮ ᠰᠤᠭᠤᠭ ᠢ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠡᠷᠡᠭᠦᠯ ᠪᠥᠭᠡᠳ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠶᠢ ᠥᠨᠡᠨ ᠬᠦ ᠪᠠᠲᠤᠯᠠᠪᠠ᠃ ᠡᠳᠦᠷ ᠲᠤᠲᠤᠮ ᠤᠨ ᠪᠠᠶᠢᠴᠠᠭᠠᠯᠲᠠ ᠬᠢᠬᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠤᠷᠢᠬᠤ᠂ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠤ ︽ᠬᠥᠮᠥᠨ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃    ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠬᠦᠴᠢᠷᠳᠡᠯ ᠢ ᠎ ᠨᠢ ᠰᠢᠢᠳᠪᠦᠷᠢᠯᠡᠪᠡ ᠃ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠪᠠ ᠰᠠᠨᠠᠯ ᠳᠤ ᠴᠢᠭᠯᠡᠭᠦᠯᠦᠨ᠂ ᠬᠠᠷᠢᠭᠤᠯᠵᠤ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠬᠠᠷᠢᠭᠤᠯᠵᠤ᠂ ᠭᠦᠢᠴᠡᠳᠬᠡᠵᠦ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠭᠦᠢᠴᠡᠳᠬᠡᠵᠦ᠂ ᠲᠤᠬᠠᠢ ᠶᠢᠨ ᠲᠠᠯᠠᠪᠤᠷ ᠲᠤᠨᠢ ᠬᠠᠷᠢᠭᠤᠯᠲᠠ ᠥᠭᠬᠦ ᠪᠤᠶᠤ ᠰᠢᠢᠳᠪᠦᠷᠢᠯᠡᠵᠦ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠵᠣᠬᠢᠴᠠᠭᠤᠯᠤᠨ ᠰᠢᠢᠳᠪᠦᠷᠢᠯᠡᠵᠦ᠂ ᠶᠠᠪᠤᠳᠠᠯ ᠪᠣᠯᠭᠠᠨ ᠳᠤ ᠬᠠᠷᠢᠭᠤ ᠥᠭᠬᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ ᠶᠢ ᠥᠨᠡᠨ ᠬᠦ ᠪᠠᠲᠤᠯᠠᠪᠠ᠃ ᠡᠯ᠎ᠡ ᠲᠠᠯ᠎ᠠ ᠪᠠᠷ ᠠᠵᠤ ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠬᠠᠷᠢᠶ᠎ᠠ ᠣᠷᠣᠨ ᠤ ᠠᠵᠤ ᠠᠬᠤᠢ ᠳᠤ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠳᠡᠭᠡᠳᠦ ᠳᠣᠣᠷᠠᠳᠤ ᠱᠠᠲᠤᠨ ᠤ ᠬᠢᠨ ᠪᠥᠬᠦ ᠬᠦᠴᠦᠨ ᠢᠶᠠᠷ ᠢᠶᠠᠨ ᠬᠤᠳᠠᠯᠳᠤᠭᠠᠴᠢᠨ ᠢ ᠳᠣᠲᠣᠨᠣᠴᠢᠯᠠᠬᠤ ᠂ ᠬᠤᠳᠠᠯᠳᠤᠭᠠᠴᠢᠨ ᠢ ᠬᠠᠶᠢᠷᠠᠯᠠᠬᠤ ᠂ ᠬᠤᠳᠠᠯᠳᠤᠭᠠᠴᠢᠨ ᠢ ᠠᠮᠤᠷᠵᠢᠭᠤᠯᠬᠤ᠂ ᠬᠤᠳᠠᠯᠳᠤᠭᠠᠴᠢᠨ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃    ᠰᠠᠯᠠᠭ᠎ᠠ ᠨᠠᠮᠠᠭ᠎ᠠ ᠪᠦᠬᠦᠨ ᠢ ᠬᠠᠶᠢᠷᠠᠯᠠᠨ ᠬᠠᠯᠠᠮᠵᠢᠯᠠᠵᠤ᠂ ᠦᠢᠯᠡᠴᠢᠯᠡᠭᠡᠨ ᠤ  ᠶᠠᠰᠤ ᠴᠢᠨᠠᠷ ᠢ ᠳᠡᠭᠡᠭᠰᠢᠯᠡᠭᠦᠯᠵᠦ ᠂ ᠴᠢᠨᠠᠷ ᠴᠢᠨᠰᠠᠭ᠎ᠠ ᠎ ᠲᠠᠢ ᠦᠢᠯᠡᠴᠢᠯᠡᠭᠡ ᠶᠢ ᠪᠤᠢ ᠪᠣᠯᠭᠠᠬᠤ ᠪᠣᠯ ᠡᠭᠦᠷᠭᠡ ᠬᠠᠷᠢᠭᠤᠴᠠᠯᠭ᠎ᠠ ᠮᠥᠨ ᠂ ᠪᠠᠰᠠ ᠴᠤ ᠤᠯᠠᠨ ᠲᠦᠮᠡᠨ ᠤ ᠬᠦᠰᠡᠯ  ᠡᠷᠡᠮᠡᠯᠵᠡᠯᠡᠯ ᠮᠥᠨ᠃ ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ︽ ᠠᠵᠤ ᠠᠬᠤᠶᠢᠯᠠᠯ ᠳᠤ ᠦᠢᠯᠡᠴᠢᠯᠡᠵᠦ ᠬᠥᠭᠵᠢᠯᠲᠡ ᠶᠢ ᠳᠡᠮᠵᠢᠬᠦ ︾ ᠣᠶᠢᠯᠠᠭᠠᠭᠳᠠᠬᠤᠨ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ︽ ᠤᠯᠤᠰ ᠲᠦᠷᠦ ᠶᠢ ᠡᠷᠬᠢᠮᠯᠡᠬᠦ ︾ ᠂ ︽ ᠤᠭ ᠰᠠᠨᠠᠭ᠎ᠠ ᠪᠠᠨ ᠪᠠᠷᠢᠮᠲᠠᠯᠠᠬᠤ ︾ ᠂ ︽ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︾ ᠣᠪᠣᠷ ᠢᠶᠠᠷ ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠨᠤᠮᠵᠢᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1