ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
   
1_副本.jpg
       8 ᠰᠠᠷ᠎ᠠ ᠶᠢᠨ 11 ᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠶᠣᠣ ᠴᠢᠩ ᠳ᠋ᠦᠩ ᠂ ᠶᠢᠨ ᠮᠢᠩ ᠂ ᠫᠧᠩ ᠰᠢᠶᠣᠣ ᠵᠢᠤᠸᠠᠨ ᠂ ᠪᠦᠦ ᠶᠦᠨ ᠳ᠋ᠦᠩ ᠂ ᠶᠢᠨ ᠲᠧᠩ ᠵᠢᠶᠣᠣ ᠬᠤᠷᠠᠯ ᠳᠤ ᠣᠷᠣᠯᠴᠠᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠶᠠᠳᠤᠭᠠᠷ ᠬᠤᠷᠠᠯ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ᠂ ᠡᠪᠯᠡᠯ ᠤᠨ ᠲᠥᠪ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠲᠠᠢ ᠬᠠᠮᠲᠤ ᠪᠠᠷ ᠶᠠᠷᠢᠯᠴᠠᠭᠰᠠᠨ ᠵᠡᠷᠭᠡ ᠬᠤᠯᠪᠣᠭᠳᠠᠯ ᠪᠦᠬᠦᠢ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠰᠦᠨ ᠱᠣᠣ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠠᠩᠬᠠᠳᠤᠭᠠᠷ ᠤᠳᠠᠭᠠᠨ ᠤ ᠪᠠ ᠬᠤᠶᠠᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾᠂ ︽ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠳᠤᠮᠳᠠ ︿ᠫᠦᠵᠢᠶᠠᠩ ᠮᠥᠷᠡᠨ ᠤ ᠲᠤᠷᠰᠢᠯᠭ᠎ᠠ﹀ ᠪᠠ ︿ᠮᠢᠩᠭᠠᠨ ᠲᠦᠮᠡᠨ ᠢᠨᠵᠧᠨᠧᠷᠢᠩ﹀᠎ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠤᠮᠳᠠ ︽ ᠫᠦᠵᠢᠶᠠᠩ ᠮᠥᠷᠡᠨ ᠤ ᠲᠤᠷᠰᠢᠯᠭ᠎ᠠ ︾ ᠪᠣᠯᠣᠨ ︽ ᠮᠢᠩᠭᠠᠨ ᠲᠦᠮᠡᠨ ᠢᠨᠵᠧᠨᠧᠷᠢᠩ ︾᠎ ᠢ ᠰᠤᠷᠤᠯᠴᠠᠨ ᠬᠡᠷᠡᠭᠯᠡᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃    ᠬᠤᠷᠠᠯ ᠠᠴᠠ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠦᠨ᠂ ᠡᠯ᠎ᠡ ᠵᠦᠢᠯ ᠤᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠥᠷᠨᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠳᠠᠭᠠᠨ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠱᠠᠭᠠᠷᠳᠠᠯᠭ᠎ᠠ ᠪᠣᠯᠣᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠮᠠᠨ ᠤ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠨᠠᠷᠢᠨ ᠲᠠᠩᠰᠠ ᠶᠢᠨ ᠬᠡᠯᠪᠡᠷᠢ ᠪᠠᠷ ᠬᠠᠮᠢᠶᠠᠷᠬᠤ ᠂ ᠡᠬᠡ ᠲᠠᠩᠰᠠᠴᠢᠯᠠᠨ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠦᠷᠭᠦᠯᠵᠢᠯᠡᠨ ᠴᠢᠩᠭᠠᠳᠬᠠᠵᠤ ᠂ ᠨᠡᠩ ᠤᠯᠠᠨ ᠠᠷᠠᠯᠵᠢᠶᠠᠴᠢᠨ ᠤᠷᠢᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠨᠡᠩ ᠤᠯᠠᠨ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠃ ᠲᠣᠰ ᠲᠣᠰ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠡ ᠲᠠᠢ ᠪᠠᠨ ᠬᠠᠷᠢᠴᠠᠭᠤᠯᠤᠨ ᠡᠨᠡ ᠵᠢᠯ ᠤᠨ ᠰᠡᠭᠦᠯᠴᠢ ᠶᠢᠨ ᠬᠠᠭᠠᠰ ᠬᠤᠭᠤᠴᠠᠭᠠᠨ ᠤ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠬᠦ ᠳᠡᠭᠡᠨ ᠣᠯᠡᠮ ᠬᠦᠴᠦᠲᠡᠢ᠂ ᠭᠤᠣᠯᠳᠠᠯᠭ᠎ᠠ ᠪᠠᠨ ᠣᠯᠡᠮ ᠴᠢᠩᠭ᠎ᠠ ᠠᠳᠬᠤᠵᠤ᠂ ᠬᠠᠷᠢᠭᠤᠴᠠᠯᠭ᠎ᠠ ᠪᠠᠨ ᠣᠯᠡᠮ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ︽ ᠮᠢᠩᠭᠠᠨ ᠲᠦᠮᠡᠨ ᠢᠨᠵᠧᠨᠧᠷᠢᠩ ︾ ᠂ ︽ ᠫᠦᠵᠢᠶᠠᠩ ᠮᠥᠷᠡᠨ ᠤ ᠲᠤᠷᠰᠢᠯᠭ᠎ᠠ ︾ ᠎ ᠶᠢᠨ ᠤᠨᠤᠯ ᠤᠨ ᠤᠬᠢ ᠰᠣᠳᠣ ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ ᠂ ᠮᠠᠨ ᠤ ᠲᠣᠭᠤᠷᠢᠭ ᠤᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠂ ᠰᠠᠭᠤᠷᠢ ᠲᠥᠬᠦᠭᠡᠷᠦᠮᠵᠢ ᠂ ᠤᠯᠠᠨ ᠨᠡᠶᠢᠲᠡ ᠶᠢᠨ ᠦᠢᠯᠡᠴᠢᠯᠡᠭᠡ ᠂ ᠰᠣᠶᠣᠯ ᠤᠨ ᠬᠡᠪ ᠰᠤᠷᠲᠠᠯ ᠵᠡᠷᠭᠡ ᠲᠠᠯ᠎ᠠ ᠶᠢᠨ ᠠᠵᠢᠯ ᠤᠨ ᠲᠠᠰᠤᠷᠠᠯᠳᠡ ᠦᠭᠡᠢ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠃ ︽ ᠫᠦᠵᠢᠶᠠᠩ ᠮᠥᠷᠡᠨ ᠤ ᠲᠤᠷᠰᠢᠯᠭ᠎ᠠ ︾ ᠎ ᠶᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠣᠶᠢᠯᠠᠭᠠᠭᠳᠠᠬᠤᠨ ᠰᠡᠳᠬᠢᠴᠡ ᠂ ᠪᠠᠶᠢᠭᠤᠯᠤᠮᠵᠢ ᠲᠣᠭᠲᠠᠴᠠ ᠂ ᠠᠷᠭ᠎ᠠ ᠪᠠᠷᠢᠯ ᠢ ᠪᠦᠬᠦ ᠲᠠᠯ᠎ᠠ ᠪᠠᠷ ᠰᠢᠰᠲ᠋ᠧᠮ‌‍ᠲ᠋ᠠᠢ ᠳᠡᠭᠡᠭᠰᠢᠯᠡᠭᠦᠯᠬᠦ ᠶᠢ ᠠᠬᠢᠭᠤᠯᠵᠤ ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳ ᠨᠢᠭᠡ ᠪᠠᠷ ᠬᠠᠷᠢᠭᠤᠯᠵᠤ ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1