ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠲᠣᠭᠤᠷᠢᠭ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠪᠠᠶᠢᠴᠠᠭᠠᠨ ᠰᠣᠳᠤᠯᠤᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 10᠎ ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠢ ᠵᠢᠩ ᠴᠦᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠪᠥᠬᠦ ᠲᠣᠭᠤᠷᠢᠭ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ ᠃
1_副本.jpg
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠶᠤᠸᠠᠨ ᠪᠦᠦ ᠱᠠᠨ ᠲᠣᠭᠤᠷᠢᠭ ᠤᠨ ᠾᠦᠢ ᠿᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠯᠪᠤᠭᠠᠲᠤ ᠬᠤᠷᠰᠢᠶ᠎ᠠ ᠪᠣᠯᠣᠨ ᠮᠣᠬᠤᠷ ᠭᠤᠤᠯ ᠬᠠᠩᠭᠠᠨ ᠪᠣᠷᠣᠯᠠᠭᠤᠯᠬᠤ ᠬᠤᠯᠪᠤᠭᠠᠲᠤ ᠬᠤᠷᠰᠢᠶ᠎ᠠ ᠳᠤ ᠬᠦᠷᠴᠦ ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠪᠣᠯᠣᠨ ᠡᠵᠡᠩᠨᠡᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ ᠃    ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠣᠭᠤᠷᠢᠭ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ ᠃ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠥᠪᠡᠷᠲᠡᠭᠡᠨ ᠵᠠᠰᠠᠬᠤ ᠣᠷᠣᠨ ᠂ ᠬᠤᠳᠠ ᠵᠢᠴᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ︽ ᠭᠤᠷᠪᠠ ᠶᠢ ᠨᠢᠭᠡ ᠴᠣᠭᠴᠠᠵᠢᠭᠤᠯᠬᠤ ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠵᠣᠷᠢᠯᠭ᠎ᠠ ᠪᠣᠯ ᠮᠠᠨ ᠤ ᠲᠣᠭᠤᠷᠢᠭ ᠤᠨ ︽ᠭᠤᠷᠪᠠ ᠶᠢ ᠨᠢᠭᠡ ᠴᠣᠭᠴᠠᠵᠢᠭᠤᠯᠬᠤ︾ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ ᠶᠤᠮ ᠃ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠠᠷᠭ᠎ᠠ ᠵᠠᠮ ᠢ ᠪᠠᠶᠢᠷᠢᠯᠠᠭᠤᠯᠬᠤ᠂ ᠲᠣᠰ ᠭᠠᠵᠠᠷ ᠤᠨ ᠬᠠᠩᠭᠠᠨ ᠪᠣᠷᠣᠯᠠᠭᠤᠯᠬᠤ ᠴᠢᠳᠠᠪᠤᠷᠢᠲᠠᠨ ᠢ ᠬᠥᠮᠥᠵᠢᠭᠦᠯᠬᠦ ᠵᠢᠴᠢ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠬᠤ ᠵᠡᠷᠭᠡ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︔ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠵᠦ ᠂ ᠦᠢᠯᠡᠳᠪᠦᠷᠢᠯᠡᠯ ᠪᠠ ᠠᠮᠢᠳᠤᠷᠠᠯ ᠤᠨ ᠲᠣᠭᠤᠷᠢᠨ ᠳᠤ ᠦᠷᠭᠦᠯᠵᠢᠯᠡᠨ ᠭᠦᠨᠵᠡᠭᠡᠶᠢᠷᠡᠵᠦ ᠂ ᠲᠠᠪᠴᠠᠩ ᠤᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ ᠂ ᠠᠷᠠᠳ ᠤᠯᠠᠨ ᠤ ᠠᠮᠢᠳᠤᠷᠠᠯ ᠳᠤ ᠪᠣᠳᠠᠲᠤ ᠠᠰᠢᠭ ᠪᠠ ᠲᠦᠬᠦᠮ ᠦᠵᠡᠭᠦᠯᠬᠦ ᠬᠡᠷᠡᠭᠲᠡᠢ ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠬᠦᠴᠦ ᠨᠡᠮᠡᠷᠢᠯᠡᠵᠦ ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠢ ᠠᠬᠢᠭᠤᠯᠬᠤ ᠬᠡᠷᠡᠭᠲᠡᠢ ︔ ᠢᠲᠡᠭᠡᠮᠵᠢ ᠶᠢᠨ ᠰᠢᠰᠲ᠋ᠧᠮ ᠢ ᠪᠠᠶᠢᠭᠤᠯᠬᠤ ᠳᠡᠭᠡᠷ᠎ᠡ ᠬᠦᠴᠦ ᠲᠠᠯᠪᠢᠵᠤ ᠂ ᠲᠤᠷᠰᠢᠯᠲᠠ ᠶᠢᠨ ᠴᠡᠭ ᠤᠨ ᠬᠤᠷᠰᠢᠶᠠᠨ ᠤ ᠳᠣᠲᠣᠭᠠᠳᠤ ᠳᠠᠭᠠᠨ ᠬᠠᠪᠰᠤᠷᠤᠯᠴᠠᠨ ᠬᠠᠮᠲᠤᠷᠠᠯᠴᠠᠵᠤ ᠂ ᠰᠠᠯᠠᠭ᠎ᠠ ᠮᠥᠴᠢᠷ ᠤᠨ ᠣᠯᠣᠯᠴᠠᠭ᠎ᠠ ᠵᠣᠬᠢᠴᠠᠭᠤᠯᠭ᠎ᠠ ᠶᠢ ᠴᠢᠩᠭᠠᠳᠬᠠᠵᠤ ᠂ ᠰᠢᠰᠲ᠋ᠧᠮ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠠᠭᠤᠰᠤᠯᠴᠠᠯ ᠢ ᠠᠯᠬᠤᠮ ᠠᠯᠬᠤᠮ ᠢᠶᠠᠷ ᠥᠷᠨᠢᠭᠦᠯᠬᠦ ᠶᠢᠨ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠵᠢᠯᠴᠠᠭ᠎ᠠ ᠶᠢ ᠥᠷᠨᠢᠭᠦᠯᠵᠦ ᠂ ᠰᠢᠰᠲ᠋ᠧᠮ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠰᠦᠪᠡᠭᠴᠢᠯᠡᠬᠦ ᠳᠤ ᠲᠤᠷᠰᠢᠯᠭ᠎ᠠ ᠬᠤᠷᠠᠮᠳᠤᠭᠤᠯᠬᠤ ᠬᠡᠷᠡᠭᠲᠡᠢ ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠲᠣᠭᠤᠷᠢᠭ ᠤᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠲᠠᠷᠢᠶᠠᠯᠠᠩ ᠎ ᠳᠤ ᠥᠢᠯᠡᠴᠢᠯᠡᠬᠦ᠂ ᠲᠠᠷᠢᠶᠠᠯᠠᠩ ᠤᠨ ᠠᠵᠢᠯ ᠬᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1