ᠶᠤᠸᠠᠨ ᠪᠦᠦ ᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠫᠢᠩᠵᠤᠸᠠᠩ ᠴᠡᠴᠡᠷᠯᠢᠭ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 10᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠢᠩ ᠰᠢᠶᠣᠣ ᠢᠦᠢ ᠫᠢᠩᠵᠤᠸᠠᠩ ᠴᠧᠩ ᠴᠢᠥᠢ ᠵᠡᠭᠡᠯᠢ ᠭᠤᠳᠤᠮᠵᠢ ᠶᠢᠨ ᠭᠡᠰᠢᠭᠦᠳ ᠤᠨ ᠠᠵᠢᠯᠯᠠᠬᠤ ᠲᠠᠰᠤᠭ ᠲᠤ ︽ᠫᠢᠩᠵᠤᠸᠠᠩ ᠴᠡᠴᠡᠷᠯᠢᠭ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠬᠤ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠬᠡᠰᠡᠭ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠢ᠃
1_副本.jpg
       ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠥᠪᠯᠡᠬᠦ ᠰᠡᠳᠦᠪ ᠤᠨ ᠲᠣᠭᠤᠷᠢᠨ ᠳᠤ ᠂ ᠨᠤᠭᠤ ᠭᠠᠵᠠᠷ ᠤᠨ ᠠᠮᠢ ᠠᠬᠤᠢ ᠂ ᠬᠠᠭᠤᠷᠠᠢ ᠭᠤᠣᠯ ᠤᠨ ᠤᠰᠤᠨ ᠤ ᠴᠢᠨᠠᠷ ᠵᠡᠷᠭᠡ ᠠᠰᠠᠭᠤᠳᠠᠯ ᠤᠨ ᠲᠤᠬᠠᠢ ᠤᠰᠤ ᠲᠠᠲᠠᠬᠤ ᠶᠢ ᠤᠯᠠᠨ ᠶᠠᠩᠵᠤᠴᠢᠯᠠᠬᠤ ᠶᠢ ᠴᠢᠩᠭᠠᠳᠬᠠᠬᠤ ᠂ ᠴᠡᠴᠡᠷᠯᠢᠭ ᠤᠨ ᠳᠣᠲᠣᠷᠠᠬᠢ ᠵᠢᠴᠢ ᠡᠷᠬᠢᠨ ᠲᠣᠭᠤᠷᠢᠨ ᠤ ᠢᠵᠢ ᠪᠦᠷᠢᠳᠦᠭᠰᠡᠨ ᠲᠥᠬᠦᠭᠡᠷᠦᠮᠵᠢ ᠶᠢ ᠴᠢᠩᠭᠠᠳᠬᠠᠬᠤ ᠂ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ᠢ ᠪᠦᠷᠢᠨᠰᠢᠭᠦᠯᠬᠦ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠵᠡᠷᠭᠡ ᠰᠠᠨᠠᠯ ᠰᠠᠨᠠᠭᠤᠯᠭ᠎ᠠ ᠳᠤᠷᠠᠳᠴᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠰᠠᠭᠤᠳᠠᠯ ᠪᠠ ᠰᠠᠨᠠᠭᠤᠯᠭ᠎ᠠ ᠳᠤ ᠬᠠᠷᠢᠭᠤᠯᠲᠠ ᠲᠣᠳᠣᠷᠬᠠᠶᠢᠯᠠᠯᠲᠠ ᠬᠢᠵᠡᠢ ᠃    ᠳ᠋ᠢᠩ ᠰᠢᠶᠣᠣ ᠢᠦᠢ ᠂ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠳᠦᠷᠢᠮ ᠲᠣᠭᠲᠠᠭᠠᠯ ᠢᠶᠠᠨ ᠲᠡᠭᠦᠯᠳᠡᠷᠵᠢᠭᠦᠯᠵᠦ ᠂ ᠨᠤᠭᠤ ᠭᠠᠵᠠᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠃ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠵᠤ ᠂ ᠬᠠᠮᠠᠭᠠᠯᠠᠬᠤ ᠶᠢ ᠲᠡᠷᠢᠭᠦᠨ ᠳᠤ ᠲᠠᠯᠪᠢᠵᠤ ᠂ ᠨᠤᠭᠤ ᠭᠠᠵᠠᠷ ᠲᠠᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠠᠷᠢᠮᠲᠠᠯᠠᠬᠤ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠵᠦ ᠂ ᠠᠵᠢᠯ ᠎ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠪᠠᠲᠤᠯᠠᠬᠤ ᠬᠡᠷᠡᠭᠲᠡᠢ ᠃ ᠤᠬᠠᠭᠤᠯᠬᠤ ᠰᠠᠯᠠᠭ᠎ᠠ ᠮᠥᠴᠢᠷ ᠤᠳ ᠣᠯᠠᠨ ᠨᠡᠶᠢᠲᠡ ᠳᠤ ᠬᠢᠬᠦ ᠤᠬᠠᠭᠤᠯᠭ᠎ᠠ ᠪᠠ ᠬᠥᠮᠦᠵᠢᠯ ᠤᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠨᠤᠭᠤ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ︽ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠵᠠᠰᠠᠬᠤ ᠎ ᠶᠢ ᠴᠢᠬᠤᠯᠠᠴᠢᠯᠠᠬᠤ︾ ᠱᠠᠭᠠᠷᠳᠠᠯᠭ᠎ᠠ ᠶᠢ ᠪᠠᠲᠤ ᠡᠵᠡᠮᠰᠢᠵᠦ᠂ ᠫᠢᠩᠵᠤᠸᠠᠩ ᠴᠡᠴᠡᠷᠯᠢᠭ ᠤᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1