ᠶᠤᠸᠠᠨ ᠪᠦᠦ ᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ︽ᠶᠤᠸᠠᠨ ᠪᠦᠦ ᠱᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠠᠭᠠᠯᠠᠯᠲᠠ ᠶᠢ ᠦᠨᠡᠨ ᠬᠦ ᠰᠠᠶᠢᠲᠤᠷ ᠬᠢᠬᠦ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
   
1_副本.jpg
       8 ᠰᠠᠷ᠎ᠠ ᠶᠢᠨ 11᠎ ᠤ ᠡᠳᠦᠷ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠶᠢᠨ ᠭᠡᠰᠢᠭᠦᠳ ᠤᠨ ᠠᠵᠢᠯᠯᠠᠬᠤ ᠲᠠᠰᠤᠭ ᠲᠤ ︽ᠶᠤᠸᠠᠨ ᠪᠦᠦ ᠱᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠠᠭᠠᠯᠠᠯᠲᠠ ᠶᠢ ᠦᠨᠡᠨ ᠬᠦ ᠰᠠᠶᠢᠲᠤᠷ ᠬᠢᠬᠦ︾ ᠦᠨᠳᠦᠰᠦᠨ ᠱᠠᠲᠤᠨ ᠤ ᠵᠥᠪᠯᠡᠯᠭᠡᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠ ᠬᠡᠰᠡᠭ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠥᠪᠯᠡᠬᠦ ᠰᠡᠳᠦᠪ ᠤᠨ ᠲᠣᠭᠤᠷᠢᠨ ᠳᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠴᠢᠩᠭᠠᠳᠬᠠᠬᠤ᠂ ᠬᠡᠮᠵᠢᠶ᠎ᠡ ᠠᠴᠠ ᠬᠡᠲᠦᠷᠡᠭᠰᠡᠨ ᠲᠡᠷᠭᠡ ᠬᠥᠰᠬᠡ ᠲᠣᠰᠬᠤᠨ ᠳᠤ ᠣᠷᠤᠬᠤ ᠶᠢ ᠬᠠᠮᠢᠶᠠᠷᠬᠤ ᠵᠡᠷᠭᠡ ᠠᠰᠠᠭᠤᠳᠠᠯ ᠤᠨ ᠲᠤᠬᠠᠢ ᠠᠷᠠᠴᠢᠯᠠᠨ ᠬᠠᠮᠠᠭᠠᠯᠠᠬᠤ ᠭᠤᠣᠯ ᠰᠡᠳᠦᠪ ᠢ ᠲᠣᠳᠣᠷᠬᠠᠶᠢᠯᠠᠬᠤ᠂ ᠠᠷᠠᠴᠢᠯᠠᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠬᠦ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠰᠠᠨᠠᠯ ᠰᠠᠨᠠᠭᠤᠯᠭ᠎ᠠ ᠳᠤᠷᠠᠳᠴᠤ ᠂ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠬᠠᠷᠢᠭᠤᠴᠠᠯᠭᠠᠲᠠᠨ ᠠᠴᠠ ᠮᠠᠨ ᠤ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠭᠰᠠᠨ ᠶᠡᠷᠦᠩᠬᠡᠢ ᠪᠠᠶᠢᠳᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠬᠠᠷᠢᠭᠤᠯᠲᠠ ᠥᠭᠪᠡ᠃    ᠯᠢᠦ ᠹᠧᠩ ᠬᠤᠸᠠ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠡᠭᠦᠷᠭᠡ  ᠴᠢᠳᠠᠪᠬᠢᠲᠤ ᠰᠠᠯᠠᠭ᠎ᠠ ᠮᠥᠴᠢᠷ ᠤᠳ ᠲᠣᠭᠤᠷᠢᠭ᠂ ᠪᠠᠯᠭᠠᠰᠤ᠂ ᠲᠣᠰᠬᠤᠨ ᠭᠤᠷᠪᠠᠨ ᠱᠠᠲᠤ ᠶᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠤᠰᠬᠠᠢ ᠠᠵᠢᠯᠲᠠᠨ ᠲᠣᠬᠢᠷᠠᠭᠤᠯᠤᠨ ᠵᠠᠮ ᠤᠨ ᠭᠠᠳᠠᠷᠭᠤ ᠶᠢ ᠠᠷᠢᠭᠤᠨ ᠴᠡᠪᠡᠷ ᠪᠠᠶᠢᠯᠭᠠᠵᠤ᠂ ᠵᠠᠰᠠᠮᠠᠯ ᠵᠠᠮ ᠤᠨ ᠬᠡᠷᠡᠭᠯᠡᠬᠦ ᠬᠤᠭᠤᠴᠠᠭ᠎ᠠ ᠶᠢ ᠤᠷᠲᠤᠳᠬᠠᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ ᠂ ᠬᠥᠳᠡᠭᠡ ᠲᠣᠰᠬᠤᠨ ᠳᠤ ᠵᠠᠮ ᠢᠶᠠᠨ ᠬᠠᠶᠢᠷᠠᠯᠠᠬᠤ ᠂ ᠵᠠᠮ ᠢᠶᠠᠨ ᠬᠠᠮᠠᠭᠠᠯᠠᠬᠤ ᠶᠠᠷᠢᠶ᠎ᠠ ᠬᠡᠯᠡᠯᠴᠡᠭᠡᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠤᠷᠭᠤᠮᠠᠯ ᠎ ᠤᠨ ᠬᠠᠮᠠᠭᠠᠯᠠᠯᠲᠠ ᠪᠠ ᠢᠨᠵᠧᠨᠧᠷᠢᠩ ᠤᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ ᠂ ᠪᠣᠷᠣᠭᠠᠨ ᠴᠠᠰᠤᠨ ᠤ ᠵᠠᠮ ᠤᠨ ᠭᠠᠳᠠᠷᠭᠤ ᠶᠢ ᠤᠷᠤᠰᠬᠠᠨ ᠢᠳᠡᠭᠳᠡᠭᠦᠯᠬᠦ ᠶᠢ ᠠᠯᠢ ᠴᠢᠳᠠᠬᠤ ᠪᠠᠷ ᠪᠠᠭᠠᠰᠬᠠᠵᠤ ᠂ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1