ᠶᠤᠸᠠᠨ ᠪᠦᠦ ᠱᠠᠨ ᠲᠣᠭᠤᠷᠢᠭ ᠪᠦᠬᠦ ᠤᠯᠤᠰ ᠤᠨ ᠠᠮᠢ ᠠᠬᠤᠢ ᠶᠢᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 15 ᠎ ᠤ ᠡᠳᠦᠷ ᠪᠣᠯ ᠠᠩᠬᠠᠳᠠᠭᠴᠢ ᠪᠦᠬᠦ ᠤᠯᠤᠰ ᠤᠨ ᠠᠮᠢ ᠠᠬᠤᠢ ᠶᠢᠨ ᠡᠳᠦᠷ ᠪᠣᠯᠣᠨ᠎ᠠ ᠂ ᠲᠤᠰ ᠡᠳᠦᠷ ᠂ ᠶᠤᠸᠠᠨ ᠪᠦᠦ ᠱᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ︽ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠵᠤ ᠂ ᠪᠣᠬᠢᠷᠲᠤᠯ ᠦᠭᠡᠢ ᠢᠷᠡᠭᠡᠳᠦᠢ ᠶᠢ ᠬᠠᠮᠲᠤ ᠪᠠᠷ ᠡᠳ᠋ᠯᠡᠶ᠎ᠡ ︾ ᠭᠡᠬᠦ ᠭᠤᠣᠯ ᠰᠡᠳᠦᠪ ᠤᠨ ᠲᠣᠭᠤᠷᠢᠨ ᠳᠤ ᠂ ᠫᠢᠩᠵᠤᠸᠠᠩ ᠶᠢᠨ ᠾᠧ ᠠᠭᠤᠳᠠᠮ ᠲᠠᠯᠠᠪᠠᠢ ᠪᠣᠯᠤᠨ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠶᠢᠨ ᠰᠢᠨᠬᠤᠸᠠ ᠪᠠᠭ᠎ᠠ ᠲᠣᠭᠤᠷᠢᠭ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠠᠵᠢᠯᠲᠠᠳ ᠥᠷᠭᠡᠨ ᠤᠯᠠᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠢ ᠢᠳᠡᠪᠬᠢᠲᠡᠢ ᠲᠠᠷᠬᠠᠭᠠᠵᠤ ᠂ ᠤᠯᠠᠨ ᠲᠦᠮᠡᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠵᠢᠴᠢ ᠠᠮᠢ ᠠᠬᠤᠢ ᠶᠢᠨ ᠡᠳᠦᠷ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠲᠦᠭᠡᠮᠡᠯᠵᠢᠭᠦᠯᠵᠡᠢ ᠃ ᠡᠭᠦᠨ ᠤ ᠬᠠᠮᠲᠤ ᠂ ᠠᠵᠢᠯᠲᠠᠳ ᠪᠠᠰᠠ ᠳᠥᠭᠦᠮ ᠣᠶᠢᠯᠠᠭᠠᠮᠵᠢᠲᠠᠢ ᠦᠭᠡ ᠬᠡᠯᠡᠯᠭᠡ ᠪᠠᠷ ᠤᠯᠠᠨ ᠲᠦᠮᠡᠨ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ ᠂ ᠥᠷᠭᠡᠨ ᠤᠯᠠᠨ ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠢᠳᠡᠪᠬᠢᠲᠡᠢ ᠣᠷᠤᠯᠴᠠᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠤ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠎ ᠶᠢ  ᠵᠣᠷᠢᠭᠵᠢᠭᠤᠯᠬᠤ ᠪᠠ ᠬᠥᠲᠥᠯᠥᠨ ᠵᠢᠯᠥᠭᠤᠳᠴᠠᠢ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠬᠥᠲᠥᠯᠥᠨ ᠵᠢᠯᠤᠭᠤᠳᠴᠤ᠂ ᠪᠠᠶᠢᠭᠠᠯᠢ ᠶᠢ ᠬᠦᠨᠳᠦᠳᠬᠡᠬᠦ ᠂ ᠣᠷᠴᠢᠨ ᠠᠬᠤᠢ ᠶᠢ ᠬᠠᠮᠠᠭᠠᠯᠠᠬᠤ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠦᠨ᠂ ᠪᠥᠬᠦ ᠠᠷᠠᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢ ᠴᠢᠩᠭᠠᠷᠠᠭᠤᠯᠪᠠ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1