ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
    8 ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ ᠬᠤᠷᠠᠯ ᠳᠤ ᠣᠷᠣᠯᠴᠠᠵᠤ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ᠶᠤᠸᠠᠨ ᠪᠦᠦ ᠱᠠᠨ ᠲᠣᠭᠤᠷᠢᠭ ᠤᠨ 2023 ︱ 2025 ᠣᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠵᠢᠭᠦᠯᠬᠦ ᠲᠥᠰᠥᠯ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠪᠠᠷ ᠪᠠᠶᠢᠭᠤᠯᠤᠭᠰᠠᠨ 10KV ᠳ᠋ᠦᠩ ᠵᠢᠩ ᠱᠤᠭᠤᠮ ᠤᠨ ᠢᠨᠵᠧᠨᠧᠷᠢᠩ ᠤᠨ ᠲᠥᠷᠥᠯ ᠵᠦᠢᠯ᠂ ᠰᠢ ᠯᠦ ᠲᠢᠶᠠᠨ ᠵᠡᠭᠡᠯᠢ ᠶᠢᠨ ᠵᠠᠮ ᠤᠨ ᠳ᠋ᠧᠩ ᠤᠨ ᠢᠵᠢ ᠪᠦᠷᠢᠳᠦᠭᠦᠯᠬᠦ ᠴᠠᠬᠢᠯᠭᠠᠨ ᠬᠦᠴᠦᠨ ᠤ ᠢᠨᠵᠧᠨᠧᠷᠢᠩ ᠪᠠ ᠶᠤᠸᠠᠨ ᠪᠦᠦ ᠱᠠᠨ ᠪᠠᠯᠭᠠᠰᠤᠨ ᠤ ᠪᠠ ᠵᠢᠶᠠ ᠲᠣᠰᠬᠤᠨ ᠠᠴᠠ ᠬᠦᠷᠢᠶᠡᠯᠡᠩ ᠲᠣᠭᠤᠷᠢᠭ ᠬᠦᠷᠬᠦ ᠵᠠᠮ ᠤᠨ ᠬᠤᠶᠠᠷ ᠬᠠᠵᠠᠭᠤ ᠶᠢᠨ ᠵᠠᠮ ᠤᠨ ᠳ᠋ᠧᠩ ᠤᠨ ᠢᠨᠵᠧᠨᠧᠷᠢᠩ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃    ᠬᠤᠷᠠᠯ ᠠᠴᠠ ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠦᠬᠦᠯᠢ ᠴᠣᠭᠴᠠᠲᠤ ᠬᠡᠯᠪᠡᠷᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠨ ᠬᠥᠳᠡᠯᠦᠯᠴᠡᠬᠦ᠂ ᠬᠠᠤᠯᠢ ᠲᠣᠭᠲᠠᠭᠠᠯ ᠶᠣᠰᠣᠭᠠᠷ ᠬᠠᠲᠠᠭᠤ ᠬᠡᠷᠡᠭᠰᠡᠯ ᠤᠨ ᠪᠡᠯᠡᠳᠬᠡᠮᠵᠢ ᠶᠢ ᠥᠭᠡᠷᠡᠴᠢᠯᠡᠬᠦ᠂ ᠲᠥᠬᠦᠭᠡᠷᠦᠮᠵᠢ ᠬᠤᠳᠠᠯᠳᠤᠨ ᠠᠪᠬᠤ ᠪᠠ ᠰᠢᠰᠲ᠋ᠧᠮ ᠢ ᠪᠠᠶᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠲᠦᠷᠭᠡᠳᠬᠡᠵᠦ᠂ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠣᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ ᠂ ᠬᠦᠷᠢᠶᠡᠯᠡᠩ ᠲᠣᠭᠤᠷᠢᠭ ᠤᠨ ᠵᠠᠮ ᠂ ᠤᠰᠤ ᠬᠠᠩᠭᠠᠬᠤ ᠂ ᠴᠠᠬᠢᠯᠭᠠᠨ ᠬᠦᠴᠦ ᠂ ᠰᠢᠲᠠᠮᠠᠬᠠᠢ ᠬᠡᠢ ᠬᠠᠩᠭᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠤᠨ ᠲᠣᠭᠤᠷᠢᠨ ᠳᠤ ᠤᠨᠢᠨ ᠳᠡᠭᠡᠷ᠎ᠡ ᠨᠢ ᠬᠦᠴᠦᠯᠡᠵᠦ ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠢ ᠬᠦᠴᠢᠷᠳᠡᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠦᠨᠡᠨᠬᠦ ᠬᠠᠩᠭᠠᠵᠤ ᠂ ᠨᠡᠩ ᠤᠯᠠᠨ ᠲᠦᠷᠦᠯ ᠵᠦᠢᠯ ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠂ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠢᠨᠵᠧᠨᠧᠷᠢᠩ ᠪᠣᠯ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠰᠥᠨᠢ ᠶᠢᠨ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠎ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ ᠂ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠬᠤᠳᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ ᠂ ᠵᠠᠮ ᠤᠨ ᠳ᠋ᠧᠩ ᠤᠨ ᠭᠡᠷᠡᠯᠲᠦᠭᠦᠯᠭᠡ ᠶᠢᠨ ᠢᠨᠵᠧᠨᠧᠷᠢᠩ ᠤᠨ ᠤᠷᠤᠭᠰᠢᠲᠠᠢ ᠶᠠᠪᠤᠭᠳᠠᠬᠤ ᠶᠢ ᠬᠦᠴᠦᠯᠡᠨ ᠠᠬᠢᠭᠤᠯᠵᠤ ᠂ ᠰᠠᠭᠤᠭᠠᠯᠢ ᠠᠷᠠᠳ ᠤᠨ ᠰᠥᠨᠢ ᠪᠠᠷ ᠶᠠᠪᠤᠵᠤ ᠰᠠᠭᠤᠬᠤ ᠶᠢ ᠨᠡᠩ ᠠᠮᠤᠷ ᠲᠦᠪᠰᠢᠨ ᠂ ᠨᠡᠩ ᠲᠦᠭᠦᠮ ᠂ ᠨᠡᠩ ᠲᠠᠭᠠᠯᠠᠮᠵᠢᠲᠠᠢ ᠪᠣᠯᠭᠠᠵᠤ ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠎ ᠠᠴᠠ ᠪᠠᠰᠠ ᠪᠤᠰᠤᠳ ᠵᠦᠢᠯ ᠢ ᠰᠤᠳᠤᠯᠵᠠᠢ ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1