ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/17
   
1_副本.jpg
       ᠣᠶᠢᠷ᠎ᠠ ᠳᠤ ᠂ ᠶᠤᠸᠠᠨ ᠪᠦᠦ ᠱᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠵᠠᠩ ᠮᠣᠷᠠᠯ ᠤᠨ ᠪᠣᠯᠪᠠᠰᠤᠷᠠᠯ ᠢ ᠳᠠᠪᠲᠠᠨ ᠪᠣᠯᠪᠠᠰᠤᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠵᠦ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢ ᠴᠢᠩᠭᠠᠳᠬᠠᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃    ᠬᠤᠷᠠᠯ ᠳᠡᠭᠡᠷ᠎ᠡ ᠂ ᠲᠤᠰ ᠲᠣᠪᠴᠢᠶᠠᠨ ᠤ ᠨᠠᠮ ᠤᠨ ᠶᠡᠷᠦᠩᠬᠡᠢ ᠡᠭᠦᠷ ᠤᠨ ᠬᠠᠷᠢᠭᠤᠴᠠᠯᠭᠠᠲᠠᠨ ︽ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ︾ ᠎ ᠪᠠᠷ ᠭᠤᠣᠯ ᠰᠡᠳᠦᠪ ᠪᠣᠯᠭᠠᠵᠤ ᠂ ᠪᠦᠬᠦ ᠲᠣᠪᠴᠢᠶᠠᠨ ᠤ ᠺᠠᠳ᠋ᠷ ᠠᠵᠢᠯᠲᠠᠳ ᠲᠤ ᠲᠤᠰᠬᠠᠢ ᠰᠡᠳᠦᠪᠲᠦ ᠠᠷᠢᠭᠤᠨ ᠴᠢᠬᠡᠴᠢ ᠪᠠᠷ ᠵᠠᠰᠠᠭ ᠪᠠᠷᠢᠬᠤ ᠨᠠᠮ ᠤᠨ ᠬᠢᠴᠢᠶᠡᠯ ᠣᠷᠤᠵᠤ᠂ ᠺᠠᠳ᠋ᠷ ᠠᠵᠢᠯᠲᠠᠳ ᠢ ᠬᠠᠪᠰᠤᠷᠤᠨ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠎ ᠨᠢ ᠪᠠᠬᠢᠵᠢᠭᠦᠯᠵᠦ ᠂ ᠠᠷᠢᠭᠤᠨ ᠴᠢᠬᠡᠴᠢ ᠶᠢᠨ ᠤᠬᠠᠮᠰᠠᠷ ᠢ ᠎ ᠨᠢ ᠪᠠᠲᠤᠳᠬᠠᠪᠠ ᠃    ᠲᠤᠰ ᠲᠣᠪᠴᠢᠶᠠᠨ ᠤ ᠨᠠᠮ ᠤᠨ ᠶᠡᠷᠦᠩᠬᠡᠢ ᠡᠭᠦᠷ ᠤᠨ ᠬᠠᠷᠢᠭᠤᠴᠠᠯᠭᠠᠲᠠᠨ ᠂ ᠪᠦᠬᠦ ᠲᠣᠪᠴᠢᠶ᠎ᠠ ᠪᠠᠷ ᠢᠶᠠᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ ᠂ ᠢᠯᠵᠠᠷᠠᠯ ᠢ ᠬᠤᠷᠢᠭᠯᠠᠵᠤ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠡᠰᠨᠢᠭᠦᠯᠵᠦ᠂ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠳᠦᠷᠢᠮ ᠤᠨ ᠰᠠᠭᠤᠷᠢ ᠶᠢ ᠪᠠᠲᠤᠵᠢᠭᠤᠯᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠂ ᠰᠠᠬᠢᠯᠭ᠎ᠠ ᠪᠠᠲᠤ ᠴᠢᠩᠭ᠎ᠠ ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1