8 ᠳ᠋ᠤᠭᠠᠷ ᠰᠠᠷ᠎ᠠ ᠶᠢᠨ 18 ᠤ ᠡᠳᠦᠷ᠂ ᠮᠠᠨ ᠤ ᠲᠣᠭᠤᠷᠢᠭ ︽ᠡᠷᠡᠭᠦᠯ ᠮᠡᠨᠳᠦ ᠶᠢᠨ ᠡᠭᠦᠷᠭᠡ ᠶᠢ ᠵᠣᠷᠢᠭᠲᠠᠢ | ᠡᠭᠦᠷᠭᠡᠯᠡᠵᠦ᠂ ᠴᠠᠭ ᠦᠶ᠎ᠡ ᠶᠢᠨ ᠰᠢᠨ᠎ᠡ ᠭᠠᠪᠢᠶ᠎ᠠ ᠶᠢ ᠴᠣᠭᠴᠠᠯᠠᠶ᠎ᠠ︾ ᠭᠡᠬᠦ ᠭᠤᠣᠯ ᠰᠡᠳᠥᠪᠲᠦ ᠵᠢᠷᠭᠤᠭᠠᠳᠠᠭᠢ ︽ | ᠳᠤᠮᠳᠠᠳᠤ ᠤᠯᠤᠰ ᠤᠨ ᠡᠮᠴᠢ ᠶᠢᠨ ᠪᠠᠶᠠᠷ︾ ᠤᠨ ᠶᠡᠭᠡ ᠬᠤᠷᠠᠯ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠢᠰᠲ᠋ᠧᠮ ᠤᠨ ᠭᠤᠷᠪᠠᠳᠤᠭᠠᠷ ᠬᠤᠭᠤᠴᠠᠭᠠᠨ ᠤ ᠠᠵᠢᠯᠲᠠᠳ ᠤᠨ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠶᠠᠨ ᠵᠢᠶᠦ᠋ᠨ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ᠂ | ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠶᠦᠨ ᠳ᠋ᠦᠩ᠂ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠠᠵᠢᠯᠯᠠᠭ᠎ᠠ ᠳᠤ ᠣᠷᠣᠯᠴᠠᠵᠤ᠂ ᠬᠥᠬᠢᠭᠦᠯᠦᠯ ᠭᠥᠷᠳᠡᠭᠰᠡᠨ | ᠪᠥᠬᠦ ᠬᠥᠮᠥᠰ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠭ᠎ᠠ ᠶᠢᠨ ᠪᠥᠬᠦ | ᠠᠵᠢᠯᠲᠠᠳ᠂ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠡᠰᠡᠭ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠳ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ | ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠶᠢᠨ ᠳᠤᠮᠳᠠ᠂ ᠲᠤᠬᠠᠢ ᠶᠢᠨ ᠲᠠᠯᠠᠪᠤᠷ ᠲᠤ 39 ᠬᠥᠮᠥᠨ ᠳᠤ ︽ᠶᠤᠸᠠᠨ ᠪᠦᠦ ᠱᠠᠨ | ᠲᠣᠭᠤᠷᠢᠭ ᠤᠨ ᠰᠢᠯᠢᠳᠡᠭ ᠡᠮᠴᠢ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ 33 ᠬᠥᠮᠥᠨ ᠳᠤ ︽ᠶᠤᠸᠠᠨ | ᠪᠦᠦ ᠱᠠᠨ ᠲᠣᠭᠤᠷᠢᠭ ᠤᠨ ᠰᠢᠯᠢᠳᠡᠭ ᠰᠤᠪᠢᠯᠠᠭᠴᠢ︾᠂ 9 ᠬᠥᠮᠥᠨ ᠳᠤ ︽ᠶᠤᠸᠠᠨ ᠪᠦᠦ ᠱᠠᠨ ᠲᠣᠭᠤᠷᠢᠭ ᠤᠨ | ᠰᠢᠯᠢᠳᠡᠭ ᠬᠠᠮᠢᠶᠠᠷᠤᠭᠴᠢ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ 3 ᠬᠠᠮᠲᠤ ᠨᠡᠶᠢᠲᠡ ᠳᠤ ︽ᠶᠤᠸᠠᠨ | ᠪᠦᠦ ᠱᠠᠨ ᠲᠣᠭᠤᠷᠢᠭ ᠤᠨ ᠰᠢᠯᠢᠳᠡᠭ ᠰᠤᠪᠢᠯᠠᠭᠴᠢ ᠶᠢᠨ ᠪᠦᠯᠬᠦᠮ︾ ᠭᠡᠬᠦ ᠢᠷᠠᠭᠤ ᠠᠯᠳᠠᠷ ᠤᠨ ᠴᠣᠯᠠ ᠣᠯᠭᠤᠵᠤ᠂ | ᠱᠠᠩᠨᠠᠯ ᠭᠥᠷᠳᠡᠭᠰᠡᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠠᠵᠢᠯᠲᠠᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠡᠬᠢᠯᠡᠯᠲᠡ ᠶᠢᠨ ᠪᠥᠵᠢᠭ ︽ᠴᠤᠭᠯᠠᠷᠠᠨ | ᠨᠠᠶᠢᠷᠯᠠᠯᠳᠤᠶᠠ ︾ ᠪᠠᠷ ᠬᠥᠰᠢᠭᠡ ᠪᠠᠨ ᠰᠡᠬᠦᠵᠦ᠂ ︽ ᠡᠮᠴᠢ ᠶᠢᠨ ᠰᠡᠳᠬᠢᠯ ᠨᠠᠮ ᠳᠤ ᠪᠠᠨ ᠥᠨᠡᠨᠴᠢ ᠪᠠᠶᠢᠵᠤ ᠂ | ᠤᠷᠤᠭᠰᠢᠯᠠᠨ ᠲᠠᠪᠰᠢᠬᠤ ᠬᠦᠴᠦᠨ ᠴᠢᠳᠠᠯ ᠢ ᠨᠢᠭᠲᠠᠷᠠᠭᠤᠯᠤᠶ᠎ᠠ ︾ ᠂ ︽ ᠠᠷᠠᠳ ᠲᠦᠮᠡᠨ ᠳᠤ ᠦᠢᠯᠡᠴᠢᠯᠡᠬᠦ ᠶᠢ | ᠴᠥᠬᠦᠷᠡᠰᠢ ᠦᠭᠡᠢ ᠪᠠᠷᠢᠮᠲᠠᠯᠠᠨ᠎ᠠ ︾ ᠂ ︽ ᠵᠣᠷᠢᠭᠲᠠᠢ ᠤᠷᠤᠭᠰᠢᠯᠠᠵᠤ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ | ᠴᠣᠭᠴᠠᠯᠠᠶ᠎ᠠ ︾ ᠭᠡᠬᠦ ᠭᠤᠷᠪᠠᠨ ᠪᠦᠯᠦᠭ ᠲᠤ ᠬᠤᠪᠢᠶᠠᠭᠳᠠᠵᠤ ᠂ ︽ ᠲᠦᠮᠡᠨ ᠬᠢᠵᠠᠭᠠᠷ ︾ ᠭᠡᠬᠦ ᠪᠦᠵᠢᠭᠲᠦ ᠳᠠᠭᠤᠤ᠂ | ︽ ᠰᠡᠳᠬᠢᠯ ᠤᠨ ᠠᠮᠠᠯᠠᠯᠲᠠ ︾ ᠭᠡᠬᠦ ᠰᠢᠯᠥᠭ ᠤᠨ ᠤᠶᠠᠩᠭᠠᠯᠠᠯ᠂ ︽ ᠮᠠᠨ ᠤ ᠡᠮᠨᠡᠯᠭᠡ ᠶᠢᠨ ᠬᠤᠷᠢᠶ᠎ᠠ ᠪᠠᠨ ᠮᠠᠭᠲᠠᠨ | ᠳᠠᠭᠤᠯᠠᠶ᠎ᠠ ︾ ᠭᠡᠬᠦ ᠳᠠᠭᠤᠤ᠂ ︽ ᠮᠢᠨᠤ ᠡᠬᠡ ᠤᠯᠤᠰ ︾ ᠭᠡᠬᠦ ᠲᠡᠭᠦᠯᠳᠡᠷ ᠬᠤᠭᠤᠷ ᠤᠨ ᠭᠤᠴᠣᠯᠠᠯ ᠬᠥᠭᠵᠢᠮ ᠵᠡᠷᠭᠡ | ᠭᠤᠴᠤ ᠰᠠᠶᠢᠬᠠᠨ ᠲᠣᠭᠯᠠᠯᠲᠠ ᠨᠤᠭᠤᠳ ᠡᠭᠡᠯᠵᠢᠯᠡᠨ ᠶᠠᠪᠤᠭᠳᠠᠵᠤ ᠂ ᠲᠤᠬᠠᠢ ᠶᠢᠨ ᠲᠠᠯᠠᠪᠤᠷ ᠤᠨ ᠦᠵᠡᠭᠴᠢᠳ ᠤᠨ | ᠪᠠᠭ᠋ᠠᠷᠬᠠᠯ ᠰᠠᠶᠢᠰᠢᠶᠠᠯ ᠪᠣᠯᠤᠨ ᠨᠢᠵᠢᠭᠢᠨᠡᠭᠰᠡᠨ ᠠᠯᠠᠭ᠎ᠠ ᠲᠠᠰᠢᠯᠲᠠ ᠶᠢ ᠣᠯᠵᠤ ᠪᠠᠶᠢᠯ᠎ᠠ᠃ | ᠲᠣᠰ ᠤᠳᠠᠭᠠᠨ ᠤ ᠠᠵᠢᠯᠯᠠᠭ᠎ᠠ ᠨᠢ ᠡᠮᠨᠡᠯᠭᠡ ᠶᠢᠨ ᠠᠵᠢᠯᠲᠠᠳ ᠤᠨ ᠯᠠᠪᠳᠠᠭᠤᠨ ᠪᠠᠲᠤᠲᠠᠢ ᠠᠵᠢᠯᠯᠠᠬᠤ᠂ | ᠬᠦᠴᠢᠷ ᠢ ᠰᠥᠷᠦᠨ ᠤᠷᠤᠭᠰᠢᠯᠠᠬᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠠᠷᠠᠳ | ᠲᠦᠮᠡᠨ ᠳᠤ ᠦᠢᠯᠡᠴᠢᠯᠡᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠰᠠᠨᠠᠭᠠᠴᠢᠯᠠᠵᠠᠢ᠃ ᠶᠤᠸᠠᠨ ᠪᠦᠦ ᠱᠠᠨ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠥᠰ ᠨᠢ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠂ ︽ | ᠡᠷᠡᠭᠦᠯ ᠮᠡᠨᠳᠦ ᠶᠢᠨ ᠡᠭᠦᠷᠭᠡ ᠶᠢ ᠵᠣᠷᠢᠭᠲᠠᠢ ᠡᠭᠦᠷᠭᠡᠯᠡᠨ᠂ ᠴᠠᠭ ᠦᠶ᠎ᠡ ᠶᠢᠨ ᠰᠢᠨ᠎ᠡ ᠭᠠᠪᠢᠶ᠎ᠠ ᠶᠢ ᠴᠣᠭᠴᠠᠯᠠᠬᠤ ︾ | ᠦᠢᠯᠡᠳᠦᠯᠭᠡ ᠶᠢᠨ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ ᠂ ᠶᠤᠸᠠᠨ ᠪᠤᠥ ᠱᠠᠨ ᠤ ᠠᠷᠠᠳ | ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠡᠲᠡ᠂ ᠶᠤᠸᠠᠨ ᠪᠦᠦ ᠱᠠᠨ ᠤ ᠠᠵᠤ | ᠠᠬᠤᠢ ᠨᠡᠶᠢᠭᠡᠮ ᠤᠨ ᠲᠦᠷᠭᠡᠨ ᠬᠥᠭᠵᠢᠯᠲᠡ ᠳᠤ ᠡᠷᠡᠭᠦᠯ ᠮᠡᠨᠳᠦ ᠶᠢᠨ ᠬᠦᠴᠦᠨ ᠴᠢᠳᠠᠯ ᠢᠶᠠᠨ ᠡᠷᠭᠦᠨ᠎ᠡ᠃ | |