ᠼᠤᠤ ᡁᠢ ᠶᠦᠩ ᠵᠠᠮ ᠬᠠᠷᠢᠯᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/23
    8 ᠰᠠᠷ᠎ᠠ ᠶᠢᠨ 22 ᠎ ᠤᠨ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠵᠠᠮ ᠬᠠᠷᠢᠯᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶᠠᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠼᠤᠤ ᡁᠢ ᠶᠦᠩ ᠨᠠᠷ ᠤᠷᠢᠳ ᠬᠤᠵᠢᠳ ᠰᠢᠶᠠᠨ ᠤ ᠵᠠᠮ ᠤᠨ 184 ᠱᠤᠭᠤᠮ ᠤᠨ ᠳ᠋ᠦᠩ ᠷᠠᠨ ᠴᠠᠬᠢᠯᠭᠠᠨ ᠬᠦᠴᠦᠨ ᠠᠴᠠ ᠬᠤᠩ ᠶᠤᠸᠠᠨ ᠶᠡᠭᠡ ᠵᠠᠮ ᠤᠨ ᠬᠡᠰᠡᠭ ᠂ ᠰᠢᠶᠠᠨ ᠤ ᠵᠠᠮ ᠤᠨ 183 ᠱᠤᠭᠤᠮ ᠤᠨ ᠰᠢᠶᠣᠣ ᠦ᠋ ᠵᠢᠶᠠ ᠠᠴᠠ ᠡᠯ ᠳ᠋ᠣᠣ ᠵᠢᠩ ᠽᠢ ᠬᠦᠷᠬᠦ ᠬᠡᠰᠡᠭ ᠂ G16 ᠳ᠋ᠠᠨ ᠰᠢ ᠲᠦᠷᠭᠡᠨ ᠵᠠᠮ ᠤᠨ ᠫᠢᠩᠵᠤᠸᠠᠩ ᠣᠷᠣᠬᠤ ᠡᠭᠦᠳᠡ ᠂ ᠮᠤᠵᠢ ᠶᠢᠨ ᠵᠠᠮ ᠤᠨ 219 ᠱᠤᠭᠤᠮ ᠤᠨ ᠵᠡᠭᠦᠨ ᠯᠢᠦ ᠵᠢᠶᠠ ᠠᠴᠠ ᠱᠠᠨ ᠽᠦᠢ ᠽᠢ ᠬᠦᠷᠬᠦ ᠬᠡᠰᠡᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ ᠂ ᠪᠠᠷᠢᠯᠭ᠎ᠠ ᠶᠢᠨ ᠠᠬᠢᠴᠠ ᠂ ᠵᠠᠰᠠᠮᠠᠯ ᠵᠠᠮ ᠤᠨ ᠠᠷᠠᠴᠢᠯᠠᠭ᠎ᠠ ᠂ ᠵᠠᠮ ᠤᠨ ᠥᠷᠭᠡᠵᠢᠯ ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ ᠃    ᠼᠤᠤ ᡁᠢ ᠶᠦᠩ᠂ ᠵᠠᠮ ᠬᠠᠷᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠣᠯ ᠬᠥᠭᠵᠢᠯᠲᠡ ᠶᠢᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠦᠨᠡᠨ ᠬᠦ ᠰᠠᠶᠢᠨ ᠰᠠᠶᠢᠬᠠᠨ ᠪᠠᠷᠢᠯᠭ᠎ᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ ᠃ ᠲᠦᠷᠦᠯ ᠵᠦᠢᠯ ᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ ᠂ ᠵᠠᠮ ᠳᠠᠭᠠᠤ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠂ ᠰᠠᠭᠤᠷᠢ ᠲᠥᠬᠦᠭᠡᠷᠦᠮᠵᠢ ᠂ ᠨᠣᠭᠤᠭᠠᠷᠠᠭᠤᠯᠤᠯᠲᠠ ᠭᠤᠶᠣᠵᠢᠭᠤᠯᠤᠯᠲᠠ ᠵᠡᠷᠭᠡ ᠠᠵᠢᠯ ᠢ ᠥᠨᠳᠥᠷ ᠪᠠᠷᠢᠮᠵᠢᠶ᠎ᠠ ᠪᠠᠷ ᠂ ᠴᠢᠨᠠᠷ ᠰᠠᠶᠢᠲᠠᠢ ᠠᠬᠢᠭᠤᠯᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ ᠪᠠᠷᠢᠯᠭ᠎ᠠ ᠶᠢᠨ ᠨᠢᠭᠡᠴᠢ ᠨᠦᠭᠦᠳ ᠪᠠᠷᠢᠯᠭ᠎ᠠ ᠶᠢᠨ ᠠᠵᠢᠯ ᠤᠨ ᠴᠤᠪᠤᠷᠠᠯ ᠢᠶᠠᠨ ᠵᠦᠢ ᠵᠣᠬᠢᠰᠲᠠᠢ ᠲᠣᠬᠢᠷᠠᠭᠤᠯᠵᠤ᠂ ᠴᠠᠭ ᠬᠤᠭᠤᠴᠠᠭ᠎ᠠ ᠶᠢ ᠴᠢᠩᠭ᠎ᠠ ᠠᠳᠬᠤᠨ᠂ ᠪᠠᠷᠢᠯᠭ᠎ᠠ ᠶᠢᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1