ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠭᠤᠷᠪᠠᠳᠤᠭᠠᠷ ᠤᠯᠠᠷᠢᠯ ᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/8/24
    ᠣᠶᠢᠷ᠎ᠠ ᠳᠤ᠂ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ ᠭᠤᠷᠪᠠᠳᠤᠭᠠᠷ ᠤᠯᠠᠷᠢᠯ ᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾᠎ ᠶᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠦᠨᠡᠨ ᠬᠦ ᠰᠠᠶᠢᠲᠤᠷ ᠠᠳᠬᠤᠪᠠ᠃    ᠥᠨᠳᠥᠷ ᠪᠠᠶᠢᠷᠢ ᠪᠠᠷ ᠬᠥᠲᠥᠯᠥᠨ ᠳᠠᠭᠠᠭᠤᠯᠵᠤ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ     ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠢᠳᠡᠭᠡᠨ ᠤ ᠠᠮᠤᠷ ᠲᠦᠪᠰᠢᠨ ᠢ ᠳᠠᠭᠠᠭᠠᠴᠢᠯᠠᠨ ᠬᠢᠨᠠᠨ ᠵᠢᠯᠤᠭᠤᠳᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠬᠦ ᠶᠢ ᠪᠠᠲᠤᠯᠠᠵᠠᠢ ᠃ ᠢᠳᠡᠭᠡᠨ ᠤ ᠠᠮᠤᠷ ᠲᠦᠪᠰᠢᠨ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠳᠠᠭᠠᠭᠠᠴᠢᠯᠠᠬᠤ ᠡᠭᠦᠷᠭᠡ ᠶᠢᠨ ᠨᠠᠷᠢᠨ ᠬᠠᠭᠤᠳᠠᠰᠤ ᠵᠤᠬᠢᠶᠠᠵᠤ ᠂ ᠳᠠᠭᠠᠭᠠᠴᠢᠯᠠᠬᠤ ᠺᠠᠳ᠋ᠷᠴᠤᠳ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠵᠦᠢᠯ ᠳᠠᠷᠠᠭᠠᠯᠠᠨ  ᠬᠢᠨᠠᠨ ᠵᠢᠯᠤᠭᠤᠳᠬᠤ ᠶᠢ ᠥᠷᠨᠢᠭᠦᠯᠵᠦ᠂ ᠬᠢᠨᠠᠨ ᠵᠢᠯᠤᠭᠤᠳᠬᠤ ᠡᠳᠦᠷ ᠤᠨ ᠳᠠᠷᠠᠭᠠᠯᠠᠯ ᠢ ᠵᠦᠢ ᠵᠣᠬᠢᠰᠲᠠᠢ ᠲᠣᠬᠢᠷᠠᠭᠤᠯᠤᠨ᠂ ᠲᠤᠬᠠᠢ ᠶᠢᠨ ᠲᠠᠯᠠᠪᠤᠷ ᠎ ᠲᠤᠨᠢ ᠬᠢᠨᠠᠨ ᠵᠢᠯᠤᠭᠤᠳᠬᠤ ᠶᠢ ᠪᠥᠬᠦ ᠲᠠᠯ᠎ᠠ ᠪᠠᠷ ᠥᠷᠨᠢᠭᠦᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂  ᠬᠢᠨᠠᠨ ᠵᠢᠯᠤᠭᠤᠳᠬᠤ ᠶᠢᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠬᠤ ᠶᠢ ᠦᠨᠡᠨᠬᠦ ᠪᠠᠲᠤᠯᠠᠪᠠ ᠃
1_副本.jpg
       ᠬᠠᠮᠵᠢᠯᠴᠠᠭ᠎ᠠ ᠪᠠᠨ ᠴᠢᠩᠭᠠᠳᠬᠠᠵᠤ᠂ ᠰᠠᠶᠢᠲᠤᠷ ᠬᠢᠨᠠᠨ ᠵᠢᠯᠤᠭᠤᠳᠴᠤ ᠬᠠᠮᠢᠶᠠᠷᠪᠠ    ᠲᠤᠰ ᠵᠡᠭᠡᠯᠢ ᠭᠤᠳᠤᠮᠵᠢ ᠬᠠᠷᠢᠶ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠎ ᠲᠠᠢ ᠬᠠᠮᠲᠤᠷᠠᠨ᠂ ᠬᠠᠷᠢᠶ᠎ᠠ ᠣᠷᠣᠨ ᠤ ᠢᠳᠡᠭᠡᠨ ᠤ ᠡᠵᠡᠩᠨᠡᠯᠲᠡ ᠶᠢᠨ ᠡᠷᠦᠬᠡ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠢᠳᠡᠭᠡᠨ ᠤ ᠠᠮᠤᠷ ᠲᠦᠪᠰᠢᠨ ᠤ ᠲᠤᠰᠬᠠᠢ ᠵᠦᠢᠯ ᠤᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠎ ᠶᠢ ᠵᠣᠯᠭᠠᠭᠤᠯᠤᠨ ᠬᠠᠮᠵᠢᠯᠴᠠᠭᠤᠯᠬᠤ ᠶᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠡᠴᠦᠰ ᠤᠨ ᠦᠵᠦᠭᠦᠷ ᠲᠤ ᠬᠦᠴᠦᠯᠡᠬᠦ᠂ ᠲᠡᠭᠦᠰᠭᠡᠯ ᠤᠨ ᠬᠡᠰᠡᠭ ᠲᠤ ᠦᠷ᠎ᠡ ᠪᠦᠲᠦᠮᠵᠢ ᠣᠯᠬᠤ ᠶᠢ ᠪᠦᠬᠦ ᠬᠥᠴᠥᠨ ᠢᠶᠠᠷ ᠢᠶᠠᠨ ᠲᠥᠯᠬᠢᠨ ᠠᠬᠢᠭᠤᠯᠪᠠ᠃ ᠣᠲᠣ ᠪᠣᠯᠲᠠᠯ᠎ᠠ᠂ ᠲᠣᠰ ᠵᠡᠭᠡᠯᠢ ᠭᠤᠳᠤᠮᠵᠢ ᠎ ᠨᠢ ᠬᠠᠷᠢᠶ᠎ᠠ ᠣᠷᠣᠨ ᠤ ᠪᠠᠨ 744 ᠡᠷᠥᠬᠡ ᠳᠠᠭᠠᠭᠠᠴᠢᠯᠠᠯᠲᠠ ᠶᠢᠨ ᠭᠤᠣᠯ ᠴᠣᠭᠴᠠ ᠎ ᠶᠢᠨ 516 ᠡᠷᠦᠬᠡ ᠳᠤ ᠨᠢᠭᠡᠨᠲᠡ ᠭᠤᠷᠪᠠᠳᠤᠭᠠᠷ ᠤᠯᠠᠷᠢᠯ ᠤᠨ ᠡᠳᠦᠷ ᠲᠤᠲᠤᠮ ᠤᠨ ᠪᠠᠶᠢᠴᠠᠭᠠᠯᠲᠠ ᠎ ᠶᠢ ᠪᠡᠶᠡᠯᠡᠭᠦᠯᠦᠭᠰᠡᠨ ᠪᠠᠶᠢᠨ᠎ᠠ᠃    ᠲᠠᠷᠠᠭᠠᠴᠢ ᠶᠢᠨ ᠠᠯᠬᠤᠮ ᠳᠤ ᠂ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠎ ᠨᠢ ᠦᠷᠭᠦᠯᠵᠢᠯᠡᠨ ᠬᠦᠴᠦᠯᠡᠵᠦ ᠂ ᠬᠢᠨᠠᠨ ᠵᠢᠯᠤᠭᠤᠳᠴᠤ ᠪᠠᠶᠢᠴᠠᠭᠠᠬᠤ ᠡᠭᠦᠷᠭᠡ ᠪᠠᠨ ᠦᠷᠭᠦᠯᠵᠢᠯᠡᠨ ᠪᠡᠶᠡᠯᠡᠭᠦᠯᠵᠦ ᠂ ᠠᠰᠠᠭᠤᠳᠠᠯ ᠣᠷᠣᠰᠢᠵᠤ ᠪᠠᠶᠢᠭ᠎ᠠ ᠠᠵᠤ ᠠᠬᠤᠶᠢᠯᠠᠯ ᠢ ᠮᠥᠷᠳᠡᠨ ᠪᠠᠶᠢᠴᠠᠭᠠᠵᠤ ᠂ ᠠᠰᠠᠭᠤᠳᠠᠯ ᠢ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠨ᠎ᠠ ︔ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠪᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠪᠠ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ ᠂ ᠢᠳᠡᠭᠡᠨ ᠤ ᠠᠮᠤᠷ ᠲᠦᠪᠰᠢᠨ ᠢ ᠬᠢᠨᠠᠨ ᠵᠢᠯᠤᠭᠤᠳᠴᠤ ᠪᠠᠶᠢᠴᠠᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1