ᠶᠤᠸᠠᠨ ᠪᠦᠦ ᠱᠠᠨ ᠲᠣᠭᠤᠷᠢᠭ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/9
   1_副本.jpg
       8 ᠰᠠᠷ᠎ᠠ ᠶᠢᠨ 3᠎ ᠤ ᠡᠳᠦᠷ᠂ ᠶᠤᠸᠠᠨ ᠪᠦᠦ ᠱᠠᠨ ᠲᠣᠭᠤᠷᠢᠭ  ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠶᠢᠨ ᠲᠧᠩ ᠵᠢᠶᠣᠣ᠂ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠦ᠋ ᠰᠢᠸ ᠮᠢᠩ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠣᠣ ᠴᠢᠦ ᠬᠤᠷᠠᠯ ᠳᠤ ᠣᠷᠣᠯᠴᠠᠪᠠ᠃ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠂ ᠬᠠᠷᠢᠶ᠎ᠠ ᠣᠷᠣᠨ ᠤ ᠪᠠᠩᠬᠢ ᠵᠢᠴᠢ ᠴᠢᠮᠡᠭᠡ ᠬᠤᠯᠪᠣᠭᠠᠨ ᠤ ᠡᠵᠡᠩᠨᠡᠯᠲᠡ ᠶᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃    ᠬᠤᠷᠠᠯ ᠠᠴᠠ ᠳᠡᠭᠡᠳᠦ ᠱᠠᠲᠤᠨ ᠤ ᠴᠠᠬᠢᠯᠭᠠᠨ ᠬᠤᠯᠪᠣᠭ᠎ᠠ ᠰᠥᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠎ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ  ᠴᠡᠭᠴᠡᠯᠡᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠮᠠᠨ ᠤ ᠲᠣᠭᠤᠷᠢᠭ ᠤᠨ ᠳᠡᠭᠡᠷ᠎ᠡ ᠨᠢᠭᠡ ᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠲᠥᠪ ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠬᠠᠳᠠ ᠬᠤᠳᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠴᠠᠬᠢᠯᠭᠠᠨ ᠬᠤᠯᠪᠣᠭ᠎ᠠ ᠰᠦᠯᠵᠢᠶᠡᠨ ᠤ ᠰᠢᠨ᠎ᠡ ᠬᠡᠯᠪᠡᠷᠢ ᠶᠢᠨ ᠬᠠᠤᠯᠢ ᠎ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ ᠂ ᠰᠦᠯᠵᠢᠶᠡᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠥᠴᠥᠬᠡᠨ ᠴᠦ ᠢᠯᠳᠠᠷ ᠬᠠᠶᠠᠬᠤ ᠦᠭᠡᠢ ᠣᠪᠣᠷ ᠢᠶᠠᠨ ᠢᠮᠠᠭᠲᠠ ᠪᠠᠲᠤᠯᠠᠵᠤ ᠂ ᠰᠦᠯᠵᠢᠶᠡᠨ ᠤ ᠡᠮᠬᠢ ᠳᠢᠭᠯᠢᠮ ᠪᠣᠯᠣᠨ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠃ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠡᠷᠴᠢᠮ ᠢ ᠴᠢᠩᠭᠠᠷᠠᠭᠤᠯᠵᠤ ᠂ ᠰᠣᠨᠢᠨ ᠮᠡᠳᠡᠭᠡᠨ ᠤ ᠵᠠᠭᠤᠴᠢᠯᠠᠭᠤᠷ ᠂ ᠰᠦᠯᠵᠢᠶᠡᠨ ᠤ ᠵᠠᠭᠤᠴᠢᠯᠠᠭᠤᠷ ᠵᠡᠷᠭᠡ ᠲᠠᠪᠴᠠᠩ ᠢ ᠶᠡᠷᠦᠩᠬᠡᠶᠢᠯᠡᠨ ᠠᠰᠢᠭᠯᠠᠵᠤ ᠤᠬᠠᠭᠤᠯᠭ᠎ᠠ ᠬᠥᠮᠦᠵᠢᠯ ᠢ ᠥᠷᠨᠢᠭᠦᠯᠥᠨ᠂ ᠲᠣᠰᠬᠤᠨ ᠂ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠬᠡᠷᠡᠭᠴᠡᠭᠡ ᠎ ᠶᠢ ᠥᠨᠳᠥᠰᠥᠯᠡᠨ ᠤᠬᠠᠭᠤᠯᠭ᠎ᠠ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠂ ᠤᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ᠃ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠤᠷᠢᠳᠴᠢᠯᠠᠨ ᠰᠡᠷᠭᠡᠶᠢᠯᠡᠬᠦ ᠲᠠᠯ᠎ᠠ ᠠᠴᠠ ᠡᠭᠦᠰᠬᠦ ᠶᠢ ᠪᠠᠷᠢᠮᠲᠠᠯᠠᠵᠤ ᠂ ᠪᠣᠯᠪᠠᠰᠤᠷᠠᠩᠭᠤᠢ ᠪᠣᠯᠤᠭᠰᠠᠨ ᠠᠵᠢᠯ ᠤᠨ ᠲᠤᠷᠰᠢᠯᠭ᠎ᠠ ᠶᠢ ᠳ᠋ᠦᠩᠨᠡᠨ ᠪᠦᠷᠢᠯᠳᠦᠭᠦᠯᠬᠦ ᠶᠢ ᠰᠦᠪᠡᠭᠴᠢᠯᠡᠵᠦ ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠪᠥᠷᠢᠯᠳᠥᠭᠰᠡᠨ ᠰᠡᠷᠭᠡᠶᠢᠯᠡᠨ ᠵᠠᠰᠠᠬᠤ ᠬᠠᠮᠲᠤᠷᠠᠯ ᠤᠨ ᠬᠦᠴᠦᠨ ᠢ ᠦᠨᠡᠨᠬᠦ ᠪᠦᠷᠢᠯᠳᠦᠭᠦᠯᠵᠦ ᠂ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠢ ᠨᠢᠭᠡ ᠵᠦᠢᠯ ᠤᠨ ︽ ᠠᠷᠠᠳ ᠤᠨ ᠰᠡᠳᠬᠢᠯ ᠤᠨ ᠢᠨᠵᠧᠨᠧᠷᠢᠩ ︾ ᠂ ︽ ᠰᠠᠶᠢᠨ ᠰᠠᠨᠠᠭᠠᠨ ᠤ ᠢᠨᠵᠧᠨᠧᠷᠢᠩ ︾ ᠪᠣᠯᠭᠠᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1