ᠶᠤᠸᠠᠨ ᠪᠦᠦ ᠱᠠᠨ ᠲᠣᠭᠤᠷᠢᠭ 2023 ᠣᠨ ᠤ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/9
    8 ᠰᠠᠷ᠎ᠠ ᠶᠢᠨ 3᠎ ᠤ ᠡᠳᠦᠷ᠂ ᠶᠤᠸᠠᠨ ᠪᠦᠦ ᠱᠠᠨ ᠲᠣᠭᠤᠷᠢᠭ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢ ᠠᠬᠢᠭᠤᠯᠬᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠂ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢᠨ ᠡᠯ᠎ᠡ ᠲᠤᠰᠬᠠᠢ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠪᠠ᠃    ᠬᠤᠷᠠᠯ ᠠᠴᠠ 2021 ᠣᠨ ᠤ ᠡᠷᠡᠭᠦᠯ ᠡᠩᠬᠡ ᠤᠯᠠᠭᠠᠨᠬᠠᠳᠠ ᠶᠢᠨ ᠠᠵᠢᠯᠯᠠᠭ᠎ᠠ ᠶᠢᠨ ᠬᠢᠨᠠᠨ ᠰᠢᠯᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ 2022 ᠣᠨ ᠤ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢᠨ ᠡᠯ᠎ᠡ ᠲᠤᠰᠬᠠᠢ ᠳᠤᠭᠤᠶᠢᠯᠠᠩ ᠤᠨ ᠠᠵᠢᠯ ᠢ ᠳ᠋ᠦᠩᠨᠡᠵᠦ᠂ ︽ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢᠨ 2023 ᠣᠨ ᠤ ᠠᠵᠢᠯ ᠤᠨ ᠭᠤᠣᠯᠳᠠᠯᠭ᠎ᠠ︾᠎ ᠶᠢ ᠤᠩᠰᠢᠨ ᠨᠡᠶᠢᠲᠡᠯᠡᠵᠦ᠂ ︽ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢᠨ 2023 ᠣᠨ ᠤ ᠡᠯ᠎ᠡ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ 2023 ᠣᠨ ᠤ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠪᠣᠯ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠡᠯ᠎ᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠣᠨ᠎ᠠ ᠂ ᠡᠯ᠎ᠡ ᠲᠤᠰᠬᠠᠢ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠤᠨ ᠬᠢᠨ ᠡᠷᠡᠭᠦᠯ ᠡᠩᠬᠡ ᠶᠤᠸᠠᠨ ᠪᠦᠦ ᠱᠠᠨ ᠤ ᠠᠵᠢᠯᠯᠠᠭ᠎ᠠ ᠶᠢᠨ ᠶᠠᠪᠤᠴᠠ ᠳᠠᠬᠢ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠢᠳᠡᠪᠬᠢᠲᠡᠢ ᠤᠬᠠᠭᠤᠯᠵᠤ ᠂ ᠪᠦᠬᠦ ᠨᠡᠶᠢᠭᠡᠮ ᠳᠤ ᠡᠷᠡᠭᠦᠯ ᠡᠩᠬᠡ ᠶᠤᠸᠠᠨ ᠪᠦᠦ ᠱᠠᠨ ᠢ ᠬᠠᠮᠲᠤᠪᠠᠷ ᠪᠠᠶᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠨᠢᠭᠡ ᠳᠤ ᠂ ᠡᠯ᠎ᠡ ᠬᠠᠮᠢᠶ᠎ᠠ ᠪᠦᠬᠦᠢ ᠨᠢᠭᠡᠴᠢ ᠪᠣᠯᠣᠨ ᠡᠯ᠎ᠡ ᠲᠤᠰᠬᠠᠢ ᠠᠵᠢᠯᠯᠠᠭ᠎ᠠ ᠶᠢᠨ ᠳᠤᠭᠤᠶᠢᠯᠠᠩ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠬᠢᠨᠠᠨ ᠰᠢᠯᠭᠠᠬᠤ ᠠᠵᠢᠯ ᠤᠨ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ︔ ᠬᠤᠶᠠᠷ ᠲᠤ ᠂ ᠬᠢᠨᠠᠨ ᠰᠢᠯᠭᠠᠭᠰᠠᠨ ᠦᠷ᠎ᠡ ᠳ᠋ᠦᠩ ᠲᠠᠢ ᠬᠠᠷᠢᠴᠠᠭᠤᠯᠵᠤ ᠂ ᠬᠤᠪᠢ ᠠᠯᠳᠠᠭᠰᠠᠨ ᠲᠦᠷᠦᠯ ᠵᠦᠢᠯ ᠳᠤ ᠥᠪᠡᠷ ᠤᠨ ᠪᠠᠶᠢᠴᠠᠭᠠᠯᠲᠠ ᠪᠠ ᠴᠡᠭᠴᠡᠯᠡᠨ ᠵᠠᠰᠠᠯᠲᠠ ᠬᠢᠵᠦ ᠂ ᠳᠤᠲᠠᠭᠤᠳᠠᠯ ᠪᠠᠭᠤᠷᠠᠢ ᠵᠦᠢᠯ ᠢᠶᠠᠨ ᠦᠨᠡᠨᠬᠦ ᠨᠥᠬᠦᠪᠦᠷᠢᠯᠡᠬᠦ ᠬᠡᠷᠡᠭᠲᠡᠢ ︔ ᠭᠤᠷᠪᠠ ᠳᠤ ᠂ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠢᠴᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠂ ᠮᠡᠳᠡᠭᠦᠯᠦᠨ ᠬᠦᠷᠭᠡᠬᠦ ᠠᠵᠢᠯ ᠢ ᠴᠠᠭ ᠤᠨ ᠬᠢᠵᠠᠭᠠᠷ ᠶᠣᠰᠣᠭᠠᠷ ᠪᠡᠶᠡᠯᠡᠭᠦᠯᠵᠦ ᠂ ᠬᠢᠨᠠᠨ ᠰᠢᠯᠭᠠᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠠᠷ ᠴᠢᠷᠮᠠᠶᠢᠵᠤ ᠂ ᠡᠷᠡᠭᠦᠯ ᠡᠩᠬᠡ ᠶᠤᠸᠠᠨ ᠪᠦᠦ ᠱᠠᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1