ᠶᠤᠸᠠᠨ ᠪᠦᠦ ᠱᠠᠨ ᠲᠣᠭᠤᠷᠢᠭ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠲᠤᠶᠢᠯ ᠤᠨ ᠳᠥᠭᠦᠮ ᠲᠤᠶᠢᠯ ᠤᠨ ᠲᠦᠷᠭᠡᠨ ᠬᠢᠨᠠᠨ ᠵᠥᠪᠰᠢᠶᠡᠷᠡᠬᠦ ᠵᠠᠭᠪᠤᠷ ᠢ ᠪᠣᠶ ᠪᠣᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2023/8/9
    ︽︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 7 ᠳ᠋ᠤᠭᠠᠷ ᠲᠣᠭᠠᠲᠤ ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠠᠴᠠ ᠂ ᠶᠤᠸᠠᠨ ᠪᠦᠦ ᠱᠠᠨ ᠲᠣᠭᠤᠷᠢᠭ ᠢᠮᠠᠭᠲᠠ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ ᠂ ᠣᠷᠤᠭᠤᠯᠬᠤ ᠳᠤ ᠠᠭᠤᠵᠢᠮ ᠬᠠᠮᠢᠶᠠᠷᠬᠤ ᠳᠤ ᠴᠢᠩᠭ᠎ᠠ ᠪᠠᠶᠢᠬᠤ ᠤᠴᠢᠷ ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠰᠡᠳᠬᠢᠴᠡ ᠶᠢ ᠪᠠᠷᠢᠮᠲᠠᠯᠠᠵᠤ ᠂ ᠲᠤᠰ ᠪᠡᠶ᠎ᠡ ᠶᠢᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ ᠂ ︽ ᠦᠨᠡᠮᠯᠡᠯ ᠪᠠ ᠭᠡᠷᠡᠴᠢ ᠶᠢ ᠰᠠᠯᠭᠠᠬᠤ ︾ ᠎ ᠶᠢ ᠪᠦᠬᠦᠨ ᠢ ᠪᠦᠷᠬᠦᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠢᠯᠡᠳᠲᠡ ᠦᠷ᠎ᠡ ᠪᠦᠲᠦᠮᠵᠢ ᠣᠯᠵᠠᠢ ᠃    ︵ᠨᠢᠭᠡ︶ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠥᠪᠡᠷᠲᠡᠭᠡᠨ ᠵᠠᠰᠠᠬᠤ ᠣᠷᠣᠨ ᠤ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠪᠠ ︽ᠤᠯᠠᠭᠠᠨᠬᠠᠳᠠ ᠬᠤᠲᠠ ᠶᠢᠨ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ︽ᠶᠤᠸᠠᠨ ᠪᠦᠦ ᠱᠠᠨ ᠲᠣᠭᠤᠷᠢᠭ ᠤᠨ ︿ᠦᠨᠡᠮᠯᠡᠯ ᠪᠠ ᠭᠡᠷᠡᠴᠢ ᠶᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ  ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ ᠪᠥᠬᠦ ᠬᠦᠴᠦᠨ ᠢᠶᠠᠷ ᠠᠬᠢᠭᠤᠯᠤᠨ᠂ ᠪᠥᠬᠦ ᠲᠣᠭᠤᠷᠢᠭ ᠤᠨ ᠬᠡᠪᠴᠢᠶᠡᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠪᠦᠬᠦᠨ ᠢ ᠬᠠᠮᠤᠷᠬᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ︽ ᠵᠥᠪᠰᠢᠶᠡᠷᠡᠨ ᠣᠷᠣᠭᠤᠯᠬᠤ ᠳᠤ ᠡᠵᠡᠩᠨᠡᠯᠲᠡ ᠶᠢ ᠦᠯᠦ ᠵᠥᠪᠰᠢᠶᠡᠷᠡᠬᠦ ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠬᠠᠮᠲᠤ ᠲᠥᠬᠦᠮ ᠪᠥᠭᠡᠳ ᠥᠨᠳᠥᠷ ᠪᠦᠲᠦᠮᠵᠢᠲᠡᠶ᠂ ᠲᠥᠪ ᠭᠤᠥᠯᠴᠢ ᠢᠯᠡ ᠲᠣᠳᠣ᠂ ᠠᠭᠤᠵᠢᠭᠤ ᠪᠥᠭᠡᠳ ᠴᠢᠩᠭ᠎ᠠ ᠬᠠᠮᠢᠶᠠᠷᠬᠤ ᠠᠵᠢᠯ ᠲᠥᠷᠥᠯ ᠤᠨ ᠡᠵᠡᠩᠨᠡᠯᠲᠡ ᠶᠢᠨ ᠵᠥᠪᠰᠢᠶᠡᠷᠡᠯ ᠤᠨ ᠳᠦᠷᠢᠮ ᠢ ᠪᠠᠶᠢᠭᠤᠯᠪᠠ᠃ ᠣᠲᠣ ᠪᠣᠯᠲᠠᠯ᠎ᠠ᠂ ︽ᠳᠠᠨᠵᠢᠯᠠᠬᠤ ᠦᠢᠯᠡᠰ ᠤᠨ ᠣᠨᠴᠠ ᠲᠥᠷᠥᠯ ᠤᠨ ᠠᠵᠢᠯ ᠲᠥᠷᠥᠯ ᠤᠨ ᠵᠥᠪᠰᠢᠶᠡᠷᠡᠯ ᠤᠨ ᠦᠨᠡᠮᠯᠡᠯ ︾᠎ ᠢ ᠬᠢᠨᠠᠨ ᠣᠯᠭᠤᠬᠤ ᠵᠡᠷᠭᠡ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 8 ᠵᠦᠢᠯ ᠤᠨ ᠵᠥᠪᠰᠢᠶᠡᠷᠡᠯ ᠤᠨ ᠵᠦᠢᠯᠡᠰ ᠢ ᠰᠢᠭᠤᠳ ᠬᠦᠴᠦᠨ ᠦᠭᠡᠢ ᠪᠣᠯᠭᠠᠪᠠ︔ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ︵ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠪᠣᠷᠣᠯᠠᠭᠤᠯᠤᠨ᠎ᠠ︶ ᠵᠡᠷᠭᠡ 4 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠢ ᠳᠡᠩᠰᠡᠯᠡᠨ ᠬᠠᠮᠢᠶᠠᠷᠬᠤ ᠪᠣᠯᠭᠠᠨ ᠥᠭᠡᠷᠡᠴᠢᠯᠡᠪᠡ︔ ︽ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠵᠥᠪᠰᠢᠶᠡᠷᠡᠯ︾ ᠵᠡᠷᠭᠡ 14 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠵᠥᠪᠰᠢᠶᠡᠷᠡᠯ ᠳᠤ ᠬᠤᠯᠪᠣᠭᠳᠠᠬᠤ ᠵᠦᠢᠯᠡᠰ ᠲᠤ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠪᠡ ︔ ︽ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠵᠥᠪᠰᠢᠶᠡᠷᠡᠯ︾ ᠵᠡᠷᠭᠡ 51 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠵᠢᠱᠢᠯᠲᠡ ᠶᠢᠨ ᠴᠢᠨᠠᠷ ᠢ ᠶᠡᠭᠡ ᠪᠠᠷ ᠳᠡᠭᠡᠭᠰᠢᠯᠡᠭᠦᠯᠪᠡ᠃    ︵ᠬᠤᠶᠠᠷ︶ ᠦᠨᠡᠮᠯᠡᠯ ᠪᠠ ᠭᠡᠷᠡᠴᠢ ᠶᠢ ᠰᠠᠯᠭᠠᠬᠤ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ ᠦᠨᠡᠮᠯᠡᠯ ᠪᠣᠯᠤᠨ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ᠂ ᠭᠤᠭᠴᠤᠭ᠎ᠠ ᠶᠢ ᠴᠣᠮᠬᠠᠳᠬᠠᠨ᠂ ᠮᠠᠲ᠋ᠧᠷᠢᠶᠠᠯ ᠢ ᠳᠥᠭᠦᠮᠴᠢᠯᠡᠵᠦ᠂ ᠭᠤᠶᠤᠴᠢᠯᠠᠬᠤ᠂ ᠬᠢᠨᠠᠨ ᠵᠥᠪᠰᠢᠶᠡᠷᠡᠬᠦ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠭᠤᠭᠴᠤᠭ᠎ᠠ ᠳᠤ ︽ᠡᠵᠡᠩᠨᠡᠯᠲᠡ ᠳᠤ ᠲᠦᠷᠭᠡᠨ ᠣᠷᠣᠬᠤ︾᠎ ᠶᠢ ᠦᠨᠡᠨᠬᠦ ᠪᠡᠶᠡᠯᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠪᠡ᠂ ᠣᠲᠣ ᠪᠣᠯᠲᠠᠯ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠤ ᠠᠬᠤᠶᠢᠯᠠᠯ ᠳᠤ ᠬᠤᠯᠪᠣᠭᠳᠠᠬᠤ 77 ᠵᠦᠢᠯ ᠤᠨ ᠵᠦᠢᠯᠡᠰ ᠲᠤ ᠣᠷᠣᠭᠤᠯᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠨᠡᠶᠢᠲᠡ 167 ᠠᠵᠢᠯᠯᠠᠬᠤ ᠡᠳᠦᠷ ᠪᠠᠭᠠᠰᠬᠠᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ 56 ᠬᠤᠪᠢ ᠴᠣᠮᠬᠠᠳᠬᠠᠪᠠ᠃    ︵ᠭᠤᠷᠪᠠ︶ ᠠᠵᠤ ᠠᠬᠤᠶᠢᠯᠠᠯ ᠨᠡᠭᠡᠭᠡᠨ ᠡᠷᠭᠢᠯᠡᠬᠦ ᠥᠪᠡᠷ ᠤᠨ ᠥᠷᠲᠡᠭ ᠢ ᠦᠨᠡᠨᠬᠦ ᠪᠠᠭᠤᠷᠠᠭᠤᠯᠪᠠ ᠃ ᠨᠢᠭᠡ ᠳᠤ ᠂ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠬᠦ ᠦᠢᠯᠡᠴᠢᠯᠡᠭᠡ ᠶᠢ ᠬᠡᠷᠡᠭᠵᠢᠭᠦᠯᠪᠡ᠃ ᠡᠳ᠋ ᠤᠨ ᠵᠠᠰᠠᠭ ᠤᠨ ᠪᠡᠯᠡ ᠮᠥᠩᠭᠦ ᠭᠤᠶᠤᠴᠢᠯᠠᠬᠤ ᠂ ᠵᠠᠰᠠᠭ ᠤᠨ ᠣᠷᠳᠣᠨ ᠠᠴᠠ ᠲᠠᠩᠰᠠ ᠪᠤᠳᠤᠬᠤ ᠬᠡᠯᠪᠡᠷᠢ ᠪᠠᠷ ᠳᠠᠮᠵᠢᠭᠤᠯᠤᠨ᠂ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠳᠤ ᠠᠯᠪᠠᠨ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠭᠡᠷ᠎ᠡ ᠶᠢᠨ ᠲᠠᠮᠠᠭ᠎ᠠ ᠵᠡᠷᠭᠡ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠵᠦ ᠥᠭᠬᠦ ᠨᠢᠭᠡ ᠢᠵᠢ ᠦᠢᠯᠡᠴᠢᠯᠡᠭᠡ ᠬᠠᠩᠭᠠᠵᠤ᠂ ᠡᠷᠭᠢᠯᠡᠭᠰᠡᠨ ᠠᠵᠤ ᠠᠬᠤᠶᠢᠯᠠᠯ  ᠰᠦᠢᠳᠬᠡᠯ ᠲᠤᠰᠢᠶᠠᠬᠤ ᠦᠭᠡᠢ ᠪᠠᠶᠢᠬᠤ ᠶᠢ ᠪᠡᠶᠡᠯᠡᠭᠦᠯᠪᠡ ᠃ 1 ᠳ᠋ᠣᠭᠡᠷ ᠰᠠᠷ᠎ᠠ ᠠᠴᠠ ᠣᠲᠣ ᠪᠣᠯᠲᠠᠯ᠎ᠠ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ 2139 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 8.5%᠎ ᠪᠠᠷ ᠨᠡᠮᠡᠭᠳᠡᠵᠡᠢ᠂ ᠡᠭᠦᠨ ᠳᠤ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ 371 ᠡᠷᠦᠬᠡ ᠪᠠᠶᠢᠵᠤ᠂ 371 ᠢᠵᠢ ᠲᠠᠮᠠᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠭᠰᠠᠨ ᠪᠠᠶᠢᠨ᠎ᠠ᠃ ᠬᠤᠶᠠᠷ ᠲᠤ ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠲᠥᠬᠦᠮ ᠠᠷᠭ᠎ᠠ ᠶᠢ ᠬᠡᠷᠡᠭᠵᠢᠭᠦᠯᠵᠦ᠂ ᠠᠯᠪᠠᠨ ᠵᠠᠷ ᠨᠡᠶᠢᠲᠡᠯᠡᠬᠦ ᠴᠠᠭ ᠢ ᠪᠣᠭᠤᠨᠢᠰᠬᠠᠨ᠂ ᠠᠵᠤ ᠠᠬᠤᠶᠢᠯᠠᠯ ᠤᠨ ᠠᠯᠪᠠᠨ ᠵᠠᠷ ᠨᠡᠶᠢᠲᠡᠯᠡᠬᠦ ᠬᠤᠭᠤᠴᠠᠭ᠎ᠠ ᠶᠢ 45 ᠡᠳᠦᠷ ᠪᠠᠶᠢᠭᠰᠠᠨ ᠠᠴᠠ 20 ᠡᠳᠦᠷ ᠪᠣᠯᠭᠠᠨ ᠪᠠᠭᠠᠰᠬᠠᠵᠤ᠂ ᠰᠣᠨᠢᠨ ᠳᠡᠭᠡᠷ᠎ᠡ ᠠᠯᠪᠠᠨ ᠵᠠᠷ ᠨᠡᠶᠢᠲᠡᠯᠡᠬᠦ ᠶᠢ ᠰᠦᠯᠵᠢᠶᠡᠨ ᠳᠡᠭᠡᠷᠡᠬᠢ ᠠᠯᠪᠠᠨ ᠵᠠᠷ ᠪᠣᠯᠭᠠᠨ ᠥᠭᠡᠷᠡᠴᠢᠯᠡᠵᠦ᠂ ᠠᠯᠪᠠᠨ ᠵᠠᠷ ᠨᠡᠶᠢᠲᠡᠯᠡᠬᠦ ᠵᠠᠷᠤᠳᠠᠯ ᠢ ᠠᠷᠪᠢᠯᠠᠬᠤ ᠪᠠᠷ ᠪᠠᠷᠠᠬᠤ ᠦᠭᠡᠢ ᠭᠦᠢᠴᠡᠳᠬᠡᠬᠦ ᠴᠠᠭ ᠢ ᠴᠤ ᠠᠷᠪᠢᠯᠠᠵᠤ᠂ ᠠᠵᠤ ᠠᠬᠤᠶᠢᠯᠠᠯ ᠤᠨ ᠤᠬᠤᠷᠢᠨ ᠭᠠᠷᠬᠤ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠤᠬᠤᠷᠢᠨ ᠭᠠᠷᠬᠤ ᠳᠤ ᠨᠠᠩ ᠲᠥᠬᠦᠮ ᠪᠣᠯᠭᠠᠪᠠ ᠃    ︵ᠳᠥᠷᠪᠡ︶ ᠠᠵᠤ ᠠᠬᠤᠶᠢᠯᠠᠯ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠪᠠ᠃ ᠡᠯ᠎ᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ ᠶᠡᠬᠡᠪᠡᠷ ᠰᠤᠷᠤᠯᠴᠠᠨ ᠤᠬᠠᠭᠤᠯᠵᠤ᠂ ᠬᠢᠨᠠᠯᠲᠠ ᠬᠠᠮᠢᠶᠠᠷᠤᠯᠲᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ  ᠨᠠᠶᠢᠳᠠᠪᠤᠷᠢᠵᠢᠭᠤᠯᠪᠠ ᠃ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠭᠰᠠᠨ ᠪᠠᠶᠢᠪᠠᠯ᠂ ᠤᠤᠯ ᠤᠨ ᠬᠢᠨᠠᠨ ᠵᠥᠪᠰᠢᠶᠡᠷᠡᠭᠰᠡᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠨ᠎ᠡ ︔ ᠬᠢᠨᠠᠨ ᠵᠥᠪᠰᠢᠶᠡᠷᠡᠭᠦᠯᠦᠭᠡᠳ ᠳᠠᠩᠰᠠᠯᠠᠭᠤᠯᠬᠤ ᠪᠣᠯᠭᠠᠨ ᠥᠭᠡᠷᠡᠴᠢᠯᠡᠭᠰᠡᠨ ᠪᠠᠶᠢᠪᠠᠯ ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠰᠢᠪᠠᠳᠠᠵᠤ ᠪᠠᠶᠢᠭᠠᠳ ᠲᠣᠭᠲᠠᠭᠠᠯ ᠶᠣᠰᠣᠭᠠᠷ ᠳᠠᠩᠰᠠᠯᠠᠭᠤᠯᠬᠤ ᠭᠠᠷ ᠭᠦᠢᠴᠡᠳᠬᠡᠯ ᠢ ᠨᠢ ᠭᠦᠢᠴᠡᠳᠬᠡᠭᠦᠯᠵᠦ ᠂ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠤᠶᠤ ᠬᠤᠳᠠᠯ ᠬᠠᠭᠤᠷᠮᠠᠭ ᠢᠶᠠᠷ ᠳᠠᠩᠰᠠᠯᠠᠭᠤᠯᠤᠭᠰᠠᠨ ᠮᠠᠲ᠋ᠧᠷᠢᠶᠠᠯ ᠲᠤᠰᠢᠶᠠᠭᠰᠠᠨ ᠎ ᠢ ᠨᠢ ᠬᠠᠤᠯᠢ ᠶᠣᠰᠣᠭᠠᠷ ᠪᠠᠶᠢᠴᠠᠭᠠᠨ ᠰᠢᠢᠳᠪᠥᠷᠢᠯᠡᠬᠦ ᠬᠡᠷᠡᠭᠲᠡᠢ︔ ᠬᠡᠯᠡᠵᠦ ᠥᠭᠬᠦ ᠠᠮᠠᠯᠠᠯᠲᠠ ᠶᠢ ᠬᠡᠷᠡᠭᠵᠢᠭᠦᠯᠦᠭᠰᠡᠨ ᠪᠠᠶᠢᠪᠠᠯ᠂ ᠬᠡᠯᠡᠵᠦ ᠥᠭᠬᠦ ᠠᠮᠠᠯᠠᠯᠲᠠ ᠪᠠᠷ ᠳᠡᠮᠵᠢᠨ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ ᠪᠦᠬᠦᠨ ᠢ ᠬᠠᠮᠤᠷᠤᠭᠰᠠᠨ ᠬᠢᠨᠠᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠠᠮᠠᠯᠠᠯᠲᠠ ᠪᠠᠨ ᠭᠦᠢᠴᠡᠳᠬᠡᠭᠰᠡᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠠᠮᠠᠯᠠᠯᠲᠠ ᠎ ᠠᠴᠠ ᠵᠥᠷᠢᠴᠡᠭᠰᠡᠨ ᠢ ᠣᠯᠵᠤ ᠮᠡᠳᠡᠪᠡᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠠᠮᠠᠯᠠᠯᠲᠠ ᠪᠠᠨ ᠮᠥᠨ ᠬᠦ ᠭᠦᠢᠴᠡᠳᠬᠡᠭᠰᠡᠨ ᠦᠭᠡᠢ ᠪᠠᠶᠢᠪᠠᠯ ᠬᠠᠮᠢᠶ᠎ᠠ ᠪᠦᠬᠦᠢ ᠵᠥᠪᠰᠢᠶᠡᠷᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠵᠤ᠂ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ  ᠰᠢᠢᠳᠬᠡᠨ ᠲᠣᠷᠭᠠᠬᠤ ᠬᠡᠷᠡᠭᠲᠡᠢ᠃ ᠬᠢᠨᠠᠨ ᠵᠥᠪᠰᠢᠶᠡᠷᠡᠬᠦ ᠦᠢᠯᠡᠴᠢᠯᠡᠭᠡᠨ ᠢ ᠰᠢᠯᠢᠳᠡᠭᠵᠢᠭᠦᠯᠬᠦ ᠳᠤ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ ᠦᠨᠳᠦᠰᠦᠯᠡᠨ ᠲᠣᠰ ᠰᠠᠯᠠᠭ᠎ᠠ ᠮᠥᠴᠢᠷ ᠤᠨ ᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠬᠢᠨᠠᠨ ᠬᠠᠮᠢᠶᠠᠷᠬᠤ ᠲᠥᠰᠥᠯ ᠢ ᠨᠠᠷᠢᠯᠢᠭᠵᠢᠭᠤᠯᠤᠨ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠡᠭᠦᠷᠭᠡ ᠶᠢ ᠦᠨᠡᠨᠬᠦ ᠪᠣᠳᠠᠲᠠᠢ ᠳᠤ   ᠨᠠᠶᠢᠳᠠᠪᠤᠷᠢᠵᠢᠭᠤᠯᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠦᠷᠭᠦᠯᠵᠢᠯᠡᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠳᠦᠷᠢᠮ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠪᠠᠭᠠᠰᠬᠠᠵᠤ ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠ ᠴᠢᠩᠭᠠᠳᠬᠠᠵᠤ ᠂ ︽ ᠵᠥᠪᠰᠢᠶᠡᠷᠡᠨ ᠣᠷᠣᠭᠤᠯᠬᠤ ᠳᠤ ᠡᠵᠡᠩᠨᠡᠯᠲᠡ ᠶᠢ ᠦᠯᠦ ᠵᠥᠪᠰᠢᠶᠡᠷᠡᠬᠦ ︾ ᠦᠵᠡᠭᠳᠡᠯ ᠢ ᠲᠡᠪᠴᠢᠵᠦ ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ︽ ᠲᠦᠷᠭᠡᠨ ᠳᠠᠪᠬᠢᠬᠤ ᠵᠠᠮ ︾᠎ ᠳᠤ ᠣᠷᠣᠬᠤ ᠳᠤ ᠦᠨᠡᠨ ᠬᠦ ᠬᠦᠴᠦᠨ ᠨᠡᠮᠡᠷᠢᠯᠡᠵᠦ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠥᠵᠡᠭᠦᠯᠥᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1