ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ︽ᠥᠪᠡᠷ ᠤᠨ ᠥᠷᠲᠡᠭ ᠦᠭᠡᠢ︾ ᠪᠠᠶᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/8/9
    ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ︽ᠥᠪᠡᠷ ᠤᠨ ᠥᠷᠲᠡᠭ ᠦᠭᠡᠢ︾ ᠪᠠᠶᠢᠬᠤ ᠶᠢ ᠪᠡᠶᠡᠯᠡᠭᠦᠯᠪᠡ ᠃ ᠠᠵᠤ ᠠᠬᠤᠶᠢᠯᠠᠯ ᠳᠤ ᠬᠤᠯᠪᠣᠭᠳᠠᠬᠤ ᠬᠢᠨᠠᠨ ᠵᠥᠪᠰᠢᠶᠡᠷᠡᠯ ᠤᠨ ︽ᠳᠥᠷᠪᠡ ᠶᠢ ᠪᠠᠭᠠᠰᠬᠠᠬᠤ︾ ᠲᠤᠬᠠᠶᠢᠯᠠᠪᠠᠯ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠶᠢ ᠠᠬᠢᠭᠤᠯᠬᠤ ᠶᠢᠨ ᠲᠥᠯᠥᠭᠡ᠂ ᠲᠣᠰ ᠲᠣᠪᠴᠢᠶ᠎ᠠ ᠠᠴᠠ ᠠᠵᠤ ᠠᠬᠤᠶᠢᠯᠠᠯ ᠡᠷᠭᠢᠯᠡᠬᠦ ᠳᠤ ᠬᠡᠷᠡᠭᠰᠡᠬᠦ ᠥᠨᠳᠥᠷ ᠳᠠᠪᠲᠠᠮᠵᠢ ᠲᠠᠢ ᠵᠦᠢᠯᠡᠰ ᠢ ︽ᠨᠢᠭᠡ ᠢᠵᠢ ᠦᠢᠯᠡᠴᠢᠯᠡᠭᠡ︾ ᠪᠣᠯᠭᠠᠨ ᠴᠣᠮᠬᠠᠳᠬᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠡᠷᠡᠭᠰᠡᠬᠦ ᠮᠡᠳᠡᠭᠡ ᠵᠠᠩᠭᠢ ᠶᠢ ︽ᠨᠢᠭᠡ ᠬᠦᠰᠦᠨᠦᠭᠲᠦ︾ ᠪᠣᠯᠭᠠᠨ ᠭᠦᠨᠵᠡᠭᠡᠢ ᠡᠮᠬᠢᠯᠡᠨ ᠨᠡᠶᠢᠯᠡᠭᠦᠯᠵᠦ᠂ ᠨᠢᠭᠡ ᠯᠡ ᠤᠳᠠᠭ᠎ᠠ ᠳᠤ ᠲᠠᠭᠯᠠᠵᠤ᠂ ᠣᠯᠠᠨ ᠲᠠᠯ᠎ᠠ ᠪᠠᠷ ᠬᠡᠷᠡᠭᠯᠡᠬᠦ ᠪᠣᠯᠭᠠᠪᠠ ᠃ ᠡᠭᠦᠨ ᠤ ᠬᠠᠮᠲᠤ᠂ ᠭᠤᠶᠤᠴᠢᠯᠠᠬᠤ ᠮᠠᠲ᠋ᠧᠷᠢᠶᠠᠯ ᠢ 10 ᠭᠠᠷᠤᠢ ᠪᠠᠭᠠᠰᠬᠠᠵᠤ᠂ ᠴᠤᠪᠤᠷᠠᠯ ᠤᠨ ᠭᠤᠭᠴᠤᠭ᠎ᠠ ᠶᠢ 4 ᠬᠠᠰᠤᠵᠤ᠂ ᠭᠦᠢᠴᠡᠳᠬᠡᠬᠦ ᠴᠠᠭ ᠢ 0.5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠳᠤ ᠦᠨ᠎ᠡ ᠲᠥᠯᠥᠪᠦᠷᠢ ᠦᠭᠡᠢ ᠪᠠᠷ ᠲᠠᠮᠠᠭ᠎ᠠ ᠰᠡᠶᠢᠯᠦᠨ ᠥᠢᠯᠡᠳᠥᠨ ᠥᠭᠴᠦ ᠂ ᠠᠵᠤ ᠠᠬᠤᠶᠢᠯᠠᠯ  ᠨᠡᠭᠡᠭᠡᠨ ᠡᠷᠭᠢᠯᠡᠬᠦ ᠳᠤ ︽ᠥᠪᠡᠷ ᠤᠨ ᠥᠷᠲᠡᠭ ᠦᠭᠡᠢ︾ ᠪᠠᠶᠢᠬᠤ ᠶᠢ ᠪᠡᠶᠡᠯᠡᠭᠦᠯᠪᠡ ᠃ ᠡᠨᠡ ᠵᠢᠯ ᠠᠴᠠ ᠨᠠᠭᠠᠰᠢ ᠂ ᠰᠢᠨ᠎ᠡ ᠪᠠᠷ ᠨᠡᠭᠡᠭᠡᠨ ᠡᠷᠭᠢᠯᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ 528 ᠢᠵᠢ ᠲᠠᠮᠠᠭ᠎ᠠ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠠᠵᠤ ᠠᠬᠤᠶᠢᠯᠠᠯ ᠤᠨ ᠵᠠᠷᠤᠳᠠᠯ ᠢ ᠨᠡᠶᠢᠲᠡ 15.6 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1