ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠥᠬᠦ ᠲᠣᠭᠣᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2023/9/1
    8 ᠳ᠋ᠤᠭᠠᠷ ᠰᠠᠷ᠎ᠠ ᠶᠢᠨ 30᠎ ᠤ ᠡᠳᠦᠷ ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠ ᠱᠤ᠋ ᠱᠦᠨ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ ᠪᠥᠬᠦ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠪᠠᠶᠢᠴᠠᠭᠠᠨ ᠰᠣᠳᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠶᠦᠨ ᠳ᠋ᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1_副本.jpg
       ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠢᠦᠢ ᠯᠦᠩ ᠸᠠᠨ ᠰᠠᠭᠤᠭᠠᠯᠢ ᠲᠣᠭᠤᠷᠢᠭ ᠤᠨ ᠯᠢᠦᠢ ᠴᠧᠩ  ᠠᠳᠠᠯ ᠠᠬᠤᠢ ᠂ ᠾᠥᠢ ᠨᠢᠩ B ᠰᠠᠭᠤᠭᠠᠯᠢ ᠲᠣᠭᠤᠷᠢᠭ ᠤᠨ ᠴᠠᠩ ᠱᠧᠩ ᠠᠳᠠᠯ ᠠᠬᠤᠢ ᠂ ᠰᠢᠨ ᠲᠢᠶᠠᠨ ᠳ᠋ᠢ ᠰᠠᠭᠤᠭᠠᠯᠢ ᠲᠣᠭᠤᠷᠢᠭ ᠤᠨ ᠺᠦᠨ ᠨᠢᠩ ᠠᠳᠠᠯ ᠠᠬᠤᠢ ᠂ ᠵᠦᠩ ᠪᠦᠦ ᠳ᠋ᠢ ᠵᠢᠩ ᠰᠠᠭᠤᠭᠠᠯᠢ ᠲᠣᠭᠤᠷᠢᠭ ᠤᠨ ᠹᠠᠩ ᠵᠢᠶᠠᠨ ᠠᠳᠠᠯ ᠠᠬᠤᠢ ᠂ ᠰᠢᠨᠬᠤᠸᠠ ᠰᠠᠭᠤᠭᠠᠯᠢ ᠲᠣᠭᠤᠷᠢᠭ ᠤᠨ ᠪᠥᠸᠧ ᠿᠥᠨ ᠠᠳᠠᠯ ᠠᠬᠤᠢ ᠳᠤ ᠬᠦᠷᠴᠦ ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ ᠃
2_副本.jpg
       ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠭᠤᠷᠢᠭ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠳᠠᠯ ᠠᠬᠤᠢ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠳ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠡᠷᠬᠢᠨ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃    ᠵᠢᠶᠠ ᠱᠣ᠋ ᠱᠦᠨ ᠵᠢᠭᠠᠵᠤ ᠭᠠᠷᠭᠠᠭᠰᠠᠨ ᠎ ᠨᠢ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠨᠢ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠳᠤ ᠬᠤᠯᠪᠣᠭᠳᠠᠵᠤ᠂ ᠬᠤᠲᠠ ᠶᠢᠨ ᠠᠮᠤᠷ ᠲᠦᠪᠰᠢᠨ ᠠᠵᠢᠯᠯᠠᠭᠠᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ︽ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾᠎ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠳᠠᠯ ᠠᠬᠤᠢ ᠶᠢᠨ ᠺᠣᠮᠫᠠᠨᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠥᠮᠴᠢᠯᠡᠭᠴᠢ ᠰᠠᠭᠤᠭᠠᠯᠢ ᠠᠷᠠᠳ ᠡᠯ᠎ᠡ ᠲᠠᠯ᠎ᠠ ᠶᠢᠨ ᠬᠢᠨ ᠤ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠠᠳᠠᠯ ᠠᠬᠤᠢ ᠶᠢᠨ ᠺᠣᠮᠫᠠᠨᠢ ᠎ ᠨᠢ ᠵᠣᠬᠢᠴᠠᠭᠤᠯᠤᠨ ᠠᠵᠢᠯᠯᠠᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠴᠢᠳᠠᠪᠤᠷᠢ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1