ᠶᠤᠸᠠᠨ ᠪᠦᠦ ᠱᠠᠨ ᠲᠣᠭᠤᠷᠢᠭ ᠤᠨ ᠪᠦᠲᠦᠭᠡᠨ ᠪᠠᠶᠢᠭᠤᠯᠵᠤ ᠪᠠᠶᠢᠭ᠎ᠠ 4 ᠲᠦᠷᠦᠯ ᠵᠦᠢᠯ ᠨᠢ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ | 2022 ᠣᠨ ᠤ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠢᠶᠠᠷ ᠦᠨᠡᠯᠡᠭᠳᠡᠪᠡ ᠃ ᠣᠶᠢᠷ᠎ᠠ ᠳᠤ ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ 2022 ᠣᠨ ᠤ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ | ᠪᠠᠷᠢᠮᠵᠢᠶᠠᠵᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠭᠠᠵᠠᠷ ᠤᠨ ᠨᠡᠷᠡᠰ ᠢ ᠨᠡᠶᠢᠲᠡᠯᠡᠵᠦ᠂ ᠮᠠᠨ ᠤ | ᠲᠣᠭᠤᠷᠢᠭ ᠤᠨ ᠤᠯᠤᠰ ᠤᠨ ᠥᠮᠴᠢᠯᠡᠯᠲᠦ ᠦᠢᠯᠡᠳᠪᠦᠷᠢ ᠠᠭᠤᠷᠬᠠᠢ ᠶᠢᠨ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢᠨ ᠯᠦ ᠲᠢᠶᠠᠨ ᠵᠢᠶᠠ ᠶᠤᠸᠠᠨ B ᠲᠣᠭᠤᠷᠢᠭ ᠤᠨ ᠨᠢᠭᠡᠳᠦᠭᠡᠷ | ᠬᠡᠰᠡᠭ᠂ C ᠲᠣᠭᠤᠷᠢᠭ ᠤᠨ ᠨᠢᠭᠡᠳᠦᠭᠡᠷ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢ ᠴᠧᠩ | ᠪᠠᠭ᠎ᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠨᠠᠢᠮᠠᠳᠤᠭᠠᠷ ᠬᠡᠦᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 4 ᠪᠦᠲᠦᠭᠡᠨ ᠪᠠᠶᠢᠭᠤᠯᠵᠤ ᠪᠠᠶᠢᠭ᠎ᠠ ᠲᠥᠷᠥᠯ | ᠵᠦᠢᠯ ᠠᠮᠵᠢᠯᠲᠠ ᠲᠠᠢ ᠪᠠᠷ ᠰᠤᠩᠭᠤᠭᠳᠠᠨ ᠣᠷᠤᠵᠤ᠂ ᠮᠠᠨ ᠤ ᠲᠣᠭᠤᠷᠢᠭ ᠤᠨ ᠪᠠᠷᠢᠯᠭ᠎ᠠ ᠶᠢᠨ ᠠᠵᠢᠯ ᠤᠨ ᠠᠶᠤᠯ | ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ | ᠠᠬᠢᠭᠤᠯᠵᠤ᠂ ᠲᠣᠭᠤᠷᠢᠭ ᠤᠨ ᠳᠣᠲᠣᠷᠠᠬᠢ ᠡᠯ᠎ᠡ ᠪᠠᠷᠢᠯᠭ᠎ᠠ ᠶᠢᠨ ᠠᠵᠤ ᠠᠬᠤᠶᠢᠯᠠᠯ ᠵᠢᠴᠢ ᠪᠠᠷᠢᠯᠭ᠎ᠠ ᠶᠢᠨ ᠲᠥᠷᠥᠯ | ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ | |