ᠶᠤᠸᠠᠨ ᠪᠦᠦ ᠱᠠᠨ ᠲᠣᠭᠤᠷᠢᠭ ᠤᠨ ᠨᠡᠶᠢᠲᠡ 5100 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠱᠥᠸᠧ ᠴᠢᠩ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠣᠭᠤᠰᠬ᠎ᠠ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠤᠷᠰᠢᠨ ᠥᠢᠯᠡᠳᠪᠥᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/9/13
    ᠣᠶᠢᠷ᠎ᠠ ᠳᠤ᠂ ᠨᠡᠶᠢᠲᠡ 5100 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠱᠥᠸᠧ ᠴᠢᠩ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠣᠭᠤᠰᠬ᠎ᠠ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠲᠤᠷᠰᠢᠨ ᠥᠢᠯᠡᠳᠪᠥᠷᠢᠯᠡᠵᠦ ᠪᠠᠶᠢᠨ᠎ᠠ᠃ ᠲᠤᠰ ᠲᠦᠷᠦᠯ ᠵᠦᠢᠯ ᠨᠢ ᠫᠢᠩᠵᠤᠸᠠᠩ ᠪᠠᠯᠭᠠᠰᠤᠨ ᠤ ᠮᠠ ᠵᠢᠶᠠ ᠽᠢ ᠲᠣᠰᠬᠤᠨ ᠳᠤ ᠪᠠᠶᠢᠷᠢᠯᠠᠵᠤ ᠂ 144 ᠮᠦ ᠭᠠᠵᠠᠷ ᠡᠵᠡᠯᠡᠨ᠂ ᠭᠤᠣᠯᠳᠠᠭᠤ ᠣᠷᠴᠢᠨ ᠲᠣᠭᠤᠷᠢᠨ ᠎ ᠤ ᠬᠠᠮᠠᠭᠠᠯᠠᠯᠲᠠ ᠶᠢᠨ ᠲᠣᠭᠤᠰᠬ᠎ᠠ ᠵᠢᠴᠢ ᠬᠠᠭᠤᠷᠠᠢ ᠨᠤᠨᠳᠠᠭ ᠤᠨ ᠦᠢᠯᠡᠳᠪᠦᠷᠢᠯᠡᠯ ᠤᠨ ᠲᠠᠰᠤᠭ ᠂ ᠬᠡᠮᠬᠡᠯᠬᠦ ᠲᠠᠰᠤᠭ ᠂ ᠰᠡᠯᠪᠢᠨ ᠵᠠᠰᠠᠬᠤ ᠲᠠᠰᠤᠭ ᠂ ᠪᠠᠷᠢᠯᠭ᠎ᠠ ᠶᠢᠨ ᠮᠠᠲ᠋ᠧᠷᠢᠶᠠᠯ ᠣᠪᠣᠭᠠᠯᠠᠬᠤ ᠰᠠᠷᠠᠪᠴᠢ ᠂ ᠪᠦᠲᠦᠭᠡᠭᠳᠡᠬᠦᠨ ᠤ ᠦᠵᠡᠭᠦᠯᠦᠯᠭᠡ ᠶᠢᠨ ᠰᠠᠷᠠᠪᠴᠢ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠠᠢ ᠃ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ ᠪᠠᠷᠢᠯᠭ᠎ᠠ ᠶᠢᠨ ᠬᠤᠭ ᠨᠣᠪᠰᠢ ᠵᠢᠴᠢ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 110 ᠲᠦᠮᠡᠨ ᠺᠥᠪ ᠮᠧᠲᠷ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠨ᠂ 40 ᠲᠦᠮᠡᠨ ᠺᠥᠸᠠᠳ᠋ ᠮᠧᠲᠷ ᠣᠷᠴᠢᠨ ᠠᠬᠤᠢ ᠶᠢᠨ ᠬᠠᠮᠠᠭᠠᠯᠠᠯᠲᠠ ᠶᠢᠨ ᠲᠣᠭᠤᠰᠬ᠎ᠠ ᠦᠢᠯᠡᠳᠪᠦᠷᠢᠯᠡᠵᠦ᠂ 3000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ᠂ 400 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 30 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1