ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠶᠠᠪᠤᠭᠳᠠᠪᠠ ᠯᠧᠢ ᠰᠧ ᠸᠧᠢ ᠴᠢ᠊ ᠪᠠᠲᠤ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 6᠎ ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠰᠢᠷᠢᠰ ᠠᠵᠢᠯᠯᠠᠭ᠎ᠠ ᠶᠢᠨ ᠨᠢᠭᠡ ᠪᠤᠯᠬᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃    ᠭᠠᠨᠰᠤ ᠮᠤᠵᠢ ᠶᠢᠨ ᠳᠡᠳ᠋ ᠳᠠᠷᠤᠭ᠎ᠠ ᠯᠧᠢ ᠰᠧ ᠸᠧᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠶᠠᠷ ᠤᠨ ᠦᠭᠡ ᠬᠡᠯᠡᠵᠡᠢ᠃    ᠯᠧᠢ ᠰᠧ ᠸᠧᠢ᠂ ᠣᠶᠢᠷ᠎ᠠ ᠶᠢᠨ ᠵᠢᠯ ᠳᠤ ᠬᠤᠶᠠᠷ ᠮᠤᠵᠢ ᠣᠷᠣᠨ ᠡᠯ᠎ᠡ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠂ ᠥᠪᠥᠷ ᠮᠣᠩᠭᠤᠯ ᠤᠨ ᠠᠵᠤ ᠠᠬᠤᠶᠢᠯᠠᠯ ᠤᠨ ᠭᠠᠨᠰᠤ ᠳᠤ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ᠃    ᠴᠢ᠊ ᠪᠠᠲᠤ᠂ ᠬᠤᠶᠠᠷ ᠮᠤᠵᠢ ᠣᠷᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠤᠶᠠᠷ ᠭᠠᠵᠠᠷ ᠤᠨ ᠳᠠᠪᠠᠭᠤᠯᠢᠭ ᠢᠶᠠᠨ ᠳᠠᠪᠬᠤᠴᠠᠭᠤᠯᠤᠨ ᠶᠡᠬᠡᠰᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠲᠣᠭᠲᠠᠴᠠ ᠶᠢ ᠬᠦᠴᠦᠯᠡᠨ ᠪᠠᠶᠢᠭᠤᠯᠤᠶ᠎ᠠ ᠭᠡᠵᠦ ᠬᠡᠯᠡᠪᠡ᠃    ᠯᠧᠢ ᠰᠧ ᠸᠧᠢ ᠥᠪᠥᠷ ᠮᠣᠩᠭᠤᠯ ᠤᠨ ᠭᠠᠨᠰᠤ ᠶᠢᠨ ᠬᠤᠳᠠᠯᠳᠤᠭᠠᠴᠢᠳ ᠤᠨ ᠡᠪᠯᠡᠯ ᠳᠤ ᠭᠠᠨᠰᠤ ᠮᠤᠵᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠤᠯᠪᠤᠭ᠎ᠠ ᠶᠢᠨ ᠲᠥᠪ ᠤᠨ ᠫᠠᠶᠢᠰᠠ ᠢᠯᠡᠷᠬᠡᠶᠢᠯᠡᠯ ᠢ ᠣᠯᠭᠤᠪᠠ᠃ ᠭᠠᠨᠰᠤ ᠥᠪᠥᠷ ᠮᠣᠩᠭᠤᠯ ᠬᠤᠶᠠᠷ ᠭᠠᠵᠠᠷ ᠤᠨ ᠠᠵᠤ ᠠᠬᠤᠶᠢᠯᠠᠯ ᠲᠤᠬᠠᠢ ᠶᠢᠨ ᠲᠠᠯᠠᠪᠠᠶ ᠳᠤ 13 ᠲᠥᠷᠥᠯ ᠵᠦᠢᠯ ᠤᠨ ᠭᠡᠷ᠎ᠡ ᠲᠣᠭᠲᠠᠪᠠ᠃ ᠬᠤᠶᠠᠷ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1