ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠤᠨ ᠤᠷᠢᠯᠭ᠎ᠠ ᠪᠠᠷ᠂ 9 | ᠰᠠᠷ᠎ᠠ ᠶᠢᠨ 7 ᠠᠴᠠ 8 ᠤ ᠡᠳᠦᠷ ᠪᠤᠯᠲᠠᠯ᠎ᠠ᠂ ᠱᠠᠩᠬᠠᠢ ᠬᠤᠳᠠ ᠶᠢᠨ ᠵᠧᠵᠢᠶᠠᠩ ᠤᠨ ᠬᠤᠳᠠᠯᠳᠤᠭᠠᠴᠢᠳ ᠤᠨ ᠡᠪᠯᠡᠯ | ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠪᠦᠯᠭᠦᠮ ᠢᠶᠠᠨ ᠵᠣᠬᠢᠶᠠᠨ ᠪᠠᠶᠢᠭᠤᠯᠵᠤ ᠮᠠᠨ ᠤ ᠣᠷᠣᠨ ᠳᠤ ᠢᠷᠡᠵᠥ | ᠰᠢᠨᠵᠢᠯᠡᠨ ᠪᠠᠶᠢᠴᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠸᠧᠢ ᠳ᠋ᠦᠩ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠬᠤᠯᠪᠣᠭᠳᠠᠯ ᠪᠦᠬᠦᠢ | ᠠᠵᠢᠯᠯᠠᠭ᠎ᠠ ᠳᠤ ᠣᠷᠣᠯᠴᠠᠵᠠᠢ᠃ | ᠶᠠᠩ ᠸᠧᠢ ᠳ᠋ᠦᠩ ᠱᠠᠩᠬᠠᠢ ᠬᠤᠳᠠ ᠶᠢᠨ ᠵᠧᠵᠢᠶᠠᠩ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠸᠠᠩ | ᠵᠢᠶᠦ᠋ᠨ ᠶᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠣᠳᠣᠬᠠᠨ ᠳᠤ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ | ᠪᠦᠭᠦ ᠬᠦᠴᠦᠨ ᠢᠶᠠᠷ ᠢᠶᠠᠨ ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ᠂ ᠠᠵᠤ | ᠠᠬᠤᠢ ᠶᠢᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠳᠠᠯᠳᠠ ᠬᠦᠴᠦᠨ ᠬᠢᠵᠠᠭᠠᠯᠠᠰᠢ ᠦᠭᠡᠢ ᠪᠠᠶᠢᠨ᠎ᠠ᠃ | ᠡᠯ᠎ᠡ ᠠᠵᠤ ᠠᠬᠤᠶᠢᠯᠠᠯᠲᠠᠨ ᠲᠠᠢ ᠨᠡᠩ ᠤᠯᠠᠨ ᠦᠷ᠎ᠡ ᠪᠦᠲᠦᠮᠵᠢ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ | ᠬᠦᠰᠡᠵᠦ ᠪᠠᠶᠢᠨ᠎ᠠ᠂ ᠥᠪᠥᠷ ᠮᠣᠩᠭᠤᠯ ᠦᠨᠡᠨ ᠰᠡᠳᠬᠢᠯ ᠠᠴᠠ ᠪᠠᠨ ᠤᠯᠠᠨ ᠳᠤ ᠬᠠᠮᠤᠭ ᠤᠨ ᠰᠢᠯᠢᠳᠡᠭ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠡᠭᠦᠳᠴᠦ ᠥᠭᠭᠦᠨ᠎ᠡ ᠭᠡᠪᠡ᠃ | ᠡᠨᠡ ᠬᠤᠭᠤᠴᠠᠭᠠᠨ ᠳᠤ᠂ ᠶᠠᠩ ᠶᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠂ ᠠᠶᠢᠮᠠᠭ ᠬᠤᠳᠠ ᠶᠢ ᠵᠣᠬᠢᠶᠠᠨ ᠪᠠᠶᠢᠭᠤᠯᠵᠤ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠳ ᠲᠠᠢ | ᠶᠠᠷᠢᠯᠴᠠᠨ ᠰᠣᠯᠢᠯᠴᠠᠵᠤ᠂ ᠭᠦᠨᠵᠡᠭᠡᠢ ᠵᠣᠯᠭᠠᠭᠤᠯᠬᠤ ᠶᠢᠨ ᠵᠡᠷᠭᠡ ᠪᠠᠷ ᠠᠶᠢᠯᠴᠢᠯᠠᠷ᠎ᠠ ᠢᠷᠡᠭᠰᠡᠨ ᠠᠵᠤ | ᠠᠬᠤᠶᠢᠯᠠᠯᠲᠠᠳ ᠲᠤ ᠪᠠᠷ᠎ᠠ ᠪᠣᠯᠵᠤ ᠢᠯᠢ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠰᠢᠨᠵᠢᠯᠡᠨ | ᠪᠠᠶᠢᠴᠠᠭᠠᠪᠠ᠃ | |