9 ᠰᠠᠷ᠎ᠠ ᠶᠢᠨ 10 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ | ᠴᠤᠭᠯᠠᠭᠠᠨ ᠭᠦᠭᠡᠬᠤᠲᠠ ᠳᠤ ᠠᠮᠵᠢᠯᠲᠠ ᠲᠠᠢ ᠥᠨᠳᠥᠷᠯᠡᠪᠡ᠃ ᠲᠣᠰ ᠬᠤᠭᠤᠴᠠᠭᠠᠨ ᠤ ᠦᠵᠡᠰᠭᠦᠯᠡᠩ ᠤᠨ | ᠴᠤᠭᠯᠠᠭᠠᠨ ᠳᠤ᠂ ᠬᠤᠯᠪᠣᠭᠳᠠᠯ ᠪᠦᠬᠦᠢ ᠤᠯᠤᠰ᠂ ᠭᠠᠵᠠᠷ ᠣᠷᠣᠨ᠂ ᠮᠤᠵᠢ ᠣᠷᠣᠨ ᠬᠤᠲᠠ ᠪᠣᠯᠣᠨ ᠠᠶᠢᠮᠠᠭ | ᠬᠤᠲᠠ 20 ᠭᠠᠷᠤᠢ ᠲᠠᠯᠠᠪᠤᠷ ᠡᠯ᠎ᠡ ᠲᠥᠷᠥᠯ ᠤᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠡᠷᠭᠢᠯᠡᠵᠦ᠂ ᠭᠡᠷ᠎ᠡ | ᠲᠣᠭᠲᠠᠭᠰᠠᠨ ᠲᠥᠷᠥᠯ ᠵᠦᠢᠯ 200 ᠶᠢ ᠳᠠᠪᠠᠵᠤ᠂ ᠬᠡᠯᠡᠯᠴᠡᠭᠡᠷ ᠲᠤ ᠭᠡᠷ᠎ᠡ ᠲᠣᠭᠲᠠᠭᠰᠠᠨ ᠵᠣᠭᠤᠰ ᠤᠨ ᠲᠤᠭ᠎ᠠ | 3853.38 ᠳ᠋ᠦᠩᠰᠢᠭᠤᠷ ᠲᠥᠭᠦᠷᠢᠭ ᠲᠤ ᠬᠦᠷᠴᠡᠢ᠃ ᠭᠤᠣᠯ ᠦᠵᠡᠰᠭᠦᠯᠡᠩ ᠤᠨ ᠲᠣᠭᠤᠷᠢᠭ ᠪᠤᠯᠬᠤ ᠴᠡᠯᠡᠭᠡᠷ | ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠬᠤᠳᠠᠯᠳᠤᠭᠠᠴᠢᠨ ᠵᠢᠭᠤᠯᠴᠢᠯᠠᠬᠰᠡᠳ ᠢ 75 ᠲᠦᠮᠡᠨ | ᠬᠥᠮᠥᠨ ᠤᠳᠠᠭ᠎ᠠ ᠭᠥᠯᠢᠶᠡᠨ ᠠᠪᠴᠤ᠂ ᠲᠤᠬᠠᠢ ᠶᠢᠨ ᠲᠠᠯᠠᠪᠠᠢ ᠶᠢᠨ ᠬᠤᠳᠠᠯᠳᠤᠨ ᠠᠪᠴᠤ ᠠᠷᠠᠯᠵᠢᠶᠠᠨ ᠤ ᠲᠤᠭ᠎ᠠ ᠨᠢ | 2.5 ᠳ᠋ᠦᠩᠰᠢᠭᠤᠷ ᠲᠥᠭᠦᠷᠢᠭ ᠲᠤ ᠬᠦᠷᠴᠡᠢ᠃ | ︽ᠲᠣᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠭᠤᠶᠢᠳᠠ ᠰᠠᠶᠢᠬᠠᠨ᠂ ᠤᠷᠢᠳ ᠡᠮᠦᠨ᠎ᠡ ᠭᠠᠷᠤᠭ᠎ᠠ | ᠦᠭᠡᠢ ᠦᠪᠡᠳᠡᠭᠰᠢ ᠪᠠᠶᠢᠳᠠᠯ ᠲᠠᠢ ᠪᠣᠯᠪᠠ᠂ ᠡᠭᠦᠨ ᠳᠤ ᠭᠤᠣᠯᠳᠠᠭᠤ ᠳᠣᠣᠷᠠᠬᠢ ᠮᠡᠲᠦ ᠭᠢᠯᠠᠰ ᠴᠡᠭ ᠢᠯᠡᠷᠡᠪᠡ᠄ | ᠨᠢᠭᠡ ᠳᠤ᠂ ᠦᠵᠡᠰᠭᠦᠯᠡᠩ ᠳᠤ ᠣᠷᠣᠯᠴᠠᠬᠰᠠᠨ ᠶᠡᠷᠦᠩᠬᠡᠢ ᠬᠡᠪᠴᠢᠶ᠎ᠡ ᠨᠢᠭᠡᠨᠲᠡ ᠥᠩᠭᠡᠷᠡᠭᠰᠡᠨ | ᠬᠤᠭᠤᠴᠠᠭᠠᠨ ᠤ ᠬᠢ ᠠᠴᠠ ᠳᠠᠪᠠᠵᠤ᠂ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠪᠠ ᠦᠵᠡᠰᠭᠦᠯᠡᠩ ᠳᠤ | ᠣᠷᠣᠯᠴᠠᠬᠰᠠᠨ ᠠᠵᠤ ᠠᠬᠤᠶᠢᠯᠠᠯ ᠲᠦᠮᠡ ᠭᠠᠷᠤᠢ ᠬᠥᠮᠥᠨ ᠪᠠᠶᠢᠨ᠎ᠠ︔ ᠬᠤᠶᠠᠷ ᠲᠤ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠢᠯ ᠲᠥᠷᠥᠯ᠂ ᠬᠤᠯᠪᠣᠭᠳᠠᠯ ᠪᠦᠬᠦᠢ ᠠᠶᠢᠮᠠᠭ ᠬᠤᠲᠠ ᠵᠢᠴᠢ ᠬᠤᠯᠪᠣᠭᠳᠠᠯ ᠪᠦᠬᠦᠢ | ᠤᠯᠤᠰ᠂ ᠮᠤᠵᠢ ᠣᠷᠣᠨ ᠬᠤᠲᠠ ᠶᠢᠨ ᠡᠷᠭᠢᠯᠡᠭᠰᠡᠨ ᠠᠵᠤ ᠠᠬᠤᠢ ᠠᠷᠠᠯᠵᠢᠶᠠᠨ ᠤ ᠰᠢᠷᠢᠰ ᠠᠵᠢᠯᠯᠠᠭ᠎ᠠ ᠶᠢ | ᠪᠠᠭᠲᠠᠭᠠᠭᠰᠠᠨ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠤᠨ ᠬᠤᠷᠠᠯ ᠢ | ᠡᠷᠭᠢᠯᠡᠵᠦ᠂ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠵᠣᠭᠤᠰ ᠤᠨ ᠲᠤᠭ᠎ᠠ ᠨᠢ ᠨᠢᠭᠡᠨᠲᠡ ᠡᠮᠦᠨ᠎ᠡ ᠭᠤᠷᠪᠠᠨ | ᠬᠤᠭᠤᠴᠠᠭᠠᠨ ᠤ ᠨᠡᠶᠢᠯᠡᠪᠦᠷᠢ ᠠᠴᠠ ᠳᠠᠪᠠᠪᠠ︔ ᠭᠤᠷᠪᠠ ᠳᠤ᠂ ᠴᠡᠯᠡᠭᠡᠷ ᠲᠠᠯ᠎ᠠ ᠤᠯᠠᠠ ᠤᠯᠤᠰ ᠤᠨ ᠬᠤᠷᠠᠯ | ᠦᠵᠡᠰᠭᠦᠯᠡᠩ ᠤᠨ ᠲᠥᠪ ᠢ ᠡᠬᠢᠯᠡᠨ ᠬᠡᠷᠡᠭᠯᠡᠵᠦ᠂ ᠦᠵᠡᠰᠭᠦᠯᠡᠩ ᠳᠤ ᠣᠷᠣᠯᠴᠠᠬᠰᠠᠨ ᠤᠯᠤᠰ᠂ ᠦᠵᠡᠰᠭᠦᠯᠡᠩ ᠤᠨ | ᠲᠠᠯᠠᠪᠠᠢ᠂ ᠦᠵᠡᠰᠭᠦᠯᠡᠩ ᠳᠤ ᠣᠷᠣᠯᠴᠠᠬᠰᠠᠨ ᠠᠵᠢᠯ ᠲᠦᠷᠦᠯ ᠠᠵᠤ ᠠᠬᠤᠶᠢᠯᠠᠯ ᠤᠨ ᠲᠤᠭ᠎ᠠ ᠪᠦᠷ ᠥᠩᠭᠡᠷᠡᠭᠰᠡᠨ | ᠬᠤᠭᠤᠴᠠᠭᠠᠨ ᠤ ᠬᠢ ᠠᠴᠠ ᠳᠠᠪᠠᠵᠠᠢ︔ ᠳᠥᠷᠪᠡ ᠳᠤ᠂ ᠠᠩᠬ᠎ᠠ ᠤᠳᠠᠭ᠎ᠠ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ | ᠠᠷᠭ᠎ᠠ ᠭᠡᠯᠪᠡᠷᠢ ᠶᠢ ᠠᠪᠴᠤ᠂ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠵᠠᠬ᠎ᠠ | ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠬᠤ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ | ᠬᠤᠷᠠᠮᠳᠤᠭᠤᠯᠪᠠ︔ ᠲᠠᠪᠤ ᠳᠤ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠨᠡᠷᠡᠳᠦ ᠵᠢᠵᠢᠭ ᠢᠳᠡᠭᠡᠨ | ᠠᠮᠲᠠᠲᠤ ᠢᠳᠡᠭᠡᠨ ᠤ ᠰᠣᠶᠣᠯ ᠤᠨ ᠭᠠᠷᠠᠭ ᠢ ᠡᠷᠭᠢᠯᠡᠵᠦ᠂ ᠠᠮᠲᠠᠲᠤ ᠢᠳᠡᠭᠡᠨ ᠤ ᠰᠣᠶᠣᠯ ᠤᠨ ᠰᠣᠯᠢᠯᠴᠠᠭ᠎ᠠ ᠶᠢ | ᠪᠠᠶᠠᠯᠢᠭᠵᠢᠭᠤᠯᠵᠤ᠂ ᠤᠯᠠᠨ ᠤ ᠪᠠᠭ᠋ᠠᠷᠬᠠᠯ ᠢ ᠲᠠᠲᠠᠪᠠ᠃ ᠪᠢᠳᠡ ᠲᠣᠰ ᠤᠳᠠᠭ᠎ᠠ ᠶᠢᠨ ᠦᠵᠡᠰᠭᠦᠯᠡᠩ ᠤᠨ | ᠴᠤᠭᠯᠠᠭᠠᠨ ᠢ ᠡᠷᠭᠢᠯᠡᠭᠰᠡᠨ ᠲᠤᠷᠰᠢᠯᠭ᠎ᠠ ᠪᠠᠨ ᠳ᠋ᠦᠩᠨᠡᠵᠦ᠂ ᠰᠠᠭᠤᠷᠢ ᠲᠥᠬᠦᠭᠡᠷᠦᠮᠵᠢ᠂ ᠦᠵᠡᠰᠭᠦᠯᠡᠩ ᠤᠨ | ᠴᠤᠭᠯᠠᠭᠠᠨ ᠤ ᠲᠠᠯᠠᠪᠠᠶ ᠶᠢᠨ ᠬᠠᠮᠢᠶᠠᠷᠤᠯᠲᠠ᠂ ᠲᠤᠰᠬᠠᠢ ᠮᠡᠷᠭᠡᠵᠢᠯ ᠤᠨ ᠡᠩᠨᠡᠭᠡ ᠶᠢ ᠬᠥᠮᠥᠵᠢᠭᠦᠯᠬᠦ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠲᠠᠷᠠᠭᠠᠴᠢ ᠶᠢᠨ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ | ᠴᠤᠭᠯᠠᠭᠠᠨ ᠢ ᠡᠷᠭᠢᠯᠡᠭᠦ ᠳᠤ ᠰᠠᠶᠢᠲᠤᠷ ᠪᠡᠯᠡᠳᠬᠡᠯ ᠬᠢᠨ᠎ᠡ︾ ᠭᠡᠵᠦ ᠥᠪᠥᠷ ᠮᠣᠩᠭᠤᠯ ᠤᠨ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠦ᠋ᠨ ᠬᠡᠯᠡᠪᠡ᠃ | ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ | ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠲᠦᠷᠦᠯ ᠵᠦᠢᠯ ᠮᠥᠨ᠂ ᠪᠦᠭᠦ ᠳᠡᠯᠡᠬᠡᠢ ᠳᠤ | ᠬᠠᠨᠳᠤᠭᠤᠯᠤᠭᠰᠠᠨ ᠣᠯᠠᠨ ᠤᠯᠤᠰ ᠤᠨ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ | ᠰᠣᠯᠢᠯᠴᠠᠭᠠᠨ ᠤ ᠲᠠᠪᠴᠠᠩ ᠮᠥᠨ᠂ ᠳᠤᠮᠳᠠᠳᠤ ᠮᠣᠩᠭᠤᠯ ᠬᠤᠶᠠᠷ ᠤᠯᠤᠰ ᠤᠨ ᠵᠡᠭᠦᠨ ᠬᠤᠶᠢᠲᠤ ᠠᠽᠢᠶ᠎ᠠ | ᠴᠢᠨᠠᠭᠰᠢᠯᠠᠪᠠᠯ ᠳᠡᠯᠡᠬᠡᠢ ᠶᠢᠨ ᠡᠯ᠎ᠡ ᠤᠯᠤᠰ ᠯᠤᠭ᠎ᠠ ᠤᠯᠤᠰ ᠲᠥᠷᠥ ᠶᠢᠨ ᠢᠲᠡᠭᠡᠯᠴᠡᠭᠡ᠂ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠬᠦ ᠬᠥᠭᠦᠷᠭᠡ ᠪᠠ | ᠬᠤᠯᠪᠣᠭᠠᠰᠤ ᠮᠥᠨ᠃ ᠡᠭᠦᠨ ᠠᠴᠠ ᠡᠮᠦᠨ᠎ᠡ ᠨᠢᠭᠡᠨᠲᠡ 2015 ᠣᠨ᠂ 2017 ᠣᠨ᠂ 2019 ᠣᠨ ᠳᠤ | ᠭᠤᠷᠪᠠᠨ ᠬᠤᠭᠤᠴᠠᠭ᠎ᠠ ᠶᠢ ᠠᠮᠵᠢᠯᠲᠠ ᠲᠠᠢ ᠡᠷᠭᠢᠯᠡᠪᠡ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ | ᠦᠵᠡᠰᠭᠦᠯᠡᠩ ᠤᠨ ᠴᠤᠭᠯᠠᠭᠠᠨ ᠨᠢ ︽ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠵᠤ᠂ | ᠬᠥᠭᠵᠢᠯᠲᠡ ᠶᠢᠨ ᠰᠢᠨ᠎ᠡ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ︾ ᠭᠡᠳᠡᠭ ᠢᠶᠠᠷ ᠭᠤᠣᠯ ᠰᠡᠳᠦᠪ ᠪᠤᠯᠭᠠᠵᠤ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠮᠣᠩᠭᠤᠯ ᠤᠯᠤᠰ ᠤᠨ ᠢᠳᠡᠭᠡᠨ ᠮᠠᠯ ᠠᠵᠤ ᠠᠬᠤᠢ ᠲᠠᠷᠢᠶᠠᠯᠠᠩ ᠪᠠ | ᠬᠥᠩᠭᠡᠨ ᠠᠵᠤ ᠦᠢᠯᠡᠳᠪᠦᠷᠢ ᠶᠢᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ 9 ᠰᠠᠷ᠎ᠠ ᠶᠢᠨ 6 ᠤ ᠡᠳᠦᠷ ᠭᠦᠭᠡᠬᠤᠲᠠ ᠳᠤ ᠡᠬᠢᠯᠡᠪᠡ᠂ ᠡᠨᠡ | ᠬᠤᠭᠤᠴᠠᠭᠠᠨ ᠳᠤ ᠡᠭᠢᠯᠡᠯᠲᠡ ᠶᠢᠨ ᠶᠣᠰᠣᠯᠠᠯ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ | ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ᠂ ᠬᠤᠷᠠᠯ ᠤᠨ ᠶᠠᠷᠢᠶᠠᠨ ᠤ ᠲᠠᠪᠴᠠᠩ᠂ ᠦᠵᠡᠰᠭᠦᠯᠡᠩ ᠤᠨ ᠴᠤᠭᠯᠠᠭᠠᠨ | ᠦᠵᠡᠭᠦᠯᠭᠡ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠲᠠᠪᠤᠨ ᠲᠣᠮᠣ ᠬᠡᠰᠡᠭ ᠤᠨ ᠰᠢᠷᠢᠰ ᠠᠵᠢᠯᠯᠠᠭ᠎ᠠ | ᠡᠷᠭᠢᠯᠡᠪᠡ᠃ | |