9 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ | ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠢᠨ᠎ᠡ ᠴᠠᠭ ᠦᠶ᠎ᠡ ᠶᠢᠨ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠤᠷᠤᠭᠰᠢᠯᠠᠬᠤ | ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠩ ᠥᠨᠳᠥᠷ | ᠵᠣᠭᠰᠣᠴᠠ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠠᠷᠠᠮᠥ᠋ᠷᠡᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠥᠪᠥᠷ ᠮᠣᠩᠭᠤᠯ ᠳᠤ ᠴᠤ ᠴᠢᠬᠤᠯᠠ | ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠢ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ | ᠥᠪᠡᠷᠲᠡᠭᠡᠨ ᠵᠠᠰᠠᠬᠤ ᠣᠷᠣᠨ ᠳᠤ ᠵᠢᠭᠠᠵᠤ ᠥᠭᠭᠦᠭᠰᠡᠨ ᠴᠢᠭᠯᠡᠯ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ | ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠭᠦ | ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠴᠢᠷᠮᠠᠶᠢᠨ ᠲᠡᠮᠡᠴᠡᠵᠦ ᠪᠠᠶᠢᠭᠠᠳ ᠰᠢᠨ᠎ᠡ ᠵᠠᠮ ᠨᠡᠭᠡᠭᠡᠵᠦ᠂ ᠳᠤᠮᠳᠠ | ᠲᠦᠪᠰᠢᠨ ᠳᠤ ᠣᠷᠣᠵᠤ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠪᠦᠭᠦ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠬᠤᠪᠢ ᠨᠡᠮᠡᠷᠢ ᠦᠵᠡᠭᠦᠯᠭᠦ ᠶᠠᠪᠤᠳᠠᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠡᠭᠵᠢᠭᠦᠯᠬᠦ ᠲᠥᠰᠥᠯ ᠪᠣᠯᠭᠠᠨ | ᠨᠠᠷᠢᠯᠢᠭᠵᠢᠭᠤᠯᠵᠤ᠂ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠢ ᠪᠦᠲᠦᠮᠵᠢᠲᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠰᠢᠯᠢᠳᠡᠭ ᠪᠠᠭᠰᠢ ᠶᠢᠨ | ᠲᠥᠯᠥᠭᠡᠯᠡᠭᠴᠢᠳ ᠲᠤ ᠥᠭᠭᠦᠭᠰᠡᠨ ᠵᠠᠬᠢᠳᠠᠯ ᠪᠣᠯᠣᠨ ᠯᠢ ᠴᠢᠶᠠᠩ ᠨᠥᠬᠦᠷ ᠤᠨ ᠴᠣᠬᠤᠯᠠᠪᠤᠷᠢ᠂ ᠪᠦᠭᠦ ᠤᠯᠤᠰ ᠤᠨ | ᠰᠢᠯᠢᠳᠡᠭ ᠪᠠᠭᠰᠢ ᠶᠢᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ | ᠴᠢᠩᠭ᠎ᠠ ᠠᠳᠬᠤᠬᠤ ᠶᠢ ᠪᠠᠷᠢᠮᠲᠠᠯᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ | ᠥᠷᠭᠡᠨ ᠣᠯᠠᠨ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠰᠠᠶᠢᠲᠤᠷ ᠪᠠᠲᠤᠯᠠᠵᠤ᠂ ᠪᠠᠭᠰᠢ ᠶᠢ ᠬᠥᠮᠥᠵᠢᠭᠦᠯᠵᠦ | ᠬᠠᠮᠢᠶᠠᠷᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ | ᠴᠢᠬᠤᠯᠠᠴᠢᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠦᠴᠦᠯᠡᠨ ᠪᠤᠶ ᠪᠤᠯᠭᠠᠵᠤ᠂ ᠥᠷᠭᠡᠨ ᠣᠯᠠᠨ | ᠪᠠᠭᠰᠢ ᠶᠢᠨ ᠢᠷᠠᠭᠤ ᠠᠯᠳᠠᠷᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ | ᠂ ᠮᠠᠨ ᠤ ᠣᠷᠣᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ | ᠪᠠᠶᠠᠷ ᠤᠨ ᠵᠠᠬᠢᠳᠠᠯ᠂ ᠬᠠᠷᠢᠭᠤ ᠵᠠᠬᠢᠳᠠᠯ᠂ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠭᠠᠷ ᠤᠨ ᠠᠶᠠᠯᠠᠯ ᠤᠨ ᠠᠵᠤ | ᠦᠢᠯᠡᠰ ᠤᠨ ᠬᠥᠭᠵᠢᠯᠲᠡ ᠶᠢ ᠲᠦᠷᠭᠡᠳᠬᠡᠬᠦ᠂ ᠭᠠᠳᠠᠭᠠᠳᠤ ᠦᠢᠯᠡᠴᠢᠯᠡᠭᠡᠨ ᠤ ᠠᠷᠠᠯᠵᠢᠶ᠎ᠠ ᠶᠢ ᠥᠷᠭᠡᠳᠬᠡᠬᠦ᠂ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠠᠤᠯᠢᠵᠢᠯ ᠤᠨ ᠥᠪᠥᠷ ᠮᠣᠩᠭᠤᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠭᠠᠳᠠᠭᠠᠳᠤ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ | ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠢᠭᠡᠳᠦᠭᠡᠷ ᠪᠦᠯᠦᠭ ᠤᠨ ᠭᠤᠣᠯ | ᠰᠡᠳᠦᠪᠲᠦ ᠬᠥᠮᠦᠵᠢᠯ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠨᠢᠭᠡᠳᠦᠭᠡᠷ ᠪᠦᠯᠦᠭ ᠤᠨ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠵᠢᠭᠦᠯᠬᠦ ᠲᠥᠰᠥᠯ ᠪᠠ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠶᠢᠨ ᠬᠡᠷᠡᠭᠵᠢᠭᠦᠯᠬᠦ ᠰᠠᠨᠠᠯ ᠢ | ᠬᠢᠨᠠᠨ ᠵᠥᠪᠯᠡᠵᠦ᠂ ᠬᠤᠶᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠵᠣᠯᠭᠠᠭᠤᠯᠵᠤ | ᠬᠤᠯᠪᠣᠯᠳᠤᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠰᠡᠷᠭᠡᠶᠢᠯᠡᠵᠦ᠂ ᠳᠡᠭᠡᠳᠦ ᠬᠡᠮᠵᠢᠶᠡᠨ ᠤ | ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠭᠤᠣᠯ ᠰᠡᠳᠦᠪᠲᠦ ᠬᠥᠮᠦᠵᠢᠯ ᠤᠨ | ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠣᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠷᠳᠣᠰ ᠬᠤᠲᠠ ᠶᠢᠨ ᠬᠠᠩᠭᠢᠨ ᠬᠤᠰᠢᠭᠤᠨ ᠤ ᠢ ᠳ᠋ᠢᠩ ᠠᠮᠢ ᠠᠬᠤᠢ ᠶᠢᠨ ᠲᠠᠷᠢᠶᠠᠯᠠᠩ ᠤᠨ | ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠨ | ᠭᠠᠷᠤᠭᠰᠠᠨ ᠠᠳᠡᠯ ᠠᠴᠠ ᠠᠪᠤᠷᠠᠨ ᠲᠤᠰᠠᠯᠠᠵᠤ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠰᠢᠷᠬᠠᠲᠤᠭᠰᠠᠳ ᠢ ᠪᠦᠭᠦ ᠬᠦᠴᠦᠨ ᠢᠶᠠᠷ ᠢᠶᠠᠨ ᠠᠪᠤᠷᠠᠨ ᠡᠮᠨᠡᠵᠦ᠂ ᠬᠤᠶᠢᠲᠤᠬᠢ ᠶᠠᠪᠤᠳᠠᠯ ᠢ | ᠰᠢᠢᠳᠪᠦᠷᠢᠯᠡᠬᠦ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠠᠳᠡᠯ ᠤᠨ ᠰᠢᠯᠲᠠᠭᠠᠨ ᠢ ᠦᠳᠲᠡᠷ | ᠲᠦᠷᠭᠡᠨ ᠪᠠᠶᠢᠴᠠᠭᠠᠨ ᠲᠣᠳᠣᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠤᠷᠢᠭ᠎ᠠ ᠱᠤᠭᠤᠮ ᠤᠨ | ᠰᠡᠳᠬᠢᠬᠦᠢ ᠪᠠᠨ ᠴᠢᠩᠭᠠᠳᠬᠠᠵᠤ᠂ ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ ᠬᠠᠷᠢᠭᠤᠴᠠᠯᠭᠠᠲᠤ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠠᠭ ᠢᠮᠠᠭᠲᠠ ᠰᠤᠯᠠᠷᠠᠭᠤᠯᠤᠯ ᠦᠭᠡᠢ ᠰᠠᠶᠢᠲᠤᠷ | ᠠᠳᠬᠤᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠦᠷᠭᠡᠳᠬᠡᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ | ᠭᠡᠮ ᠰᠣᠭᠤᠭ ᠢ ᠦᠨᠳᠦᠰᠦ ᠠᠴᠠ ᠨᠢ ᠬᠦᠴᠦᠯᠡᠨ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ | ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |