9 ᠳ᠋ᠦ᠋ᠭᠡᠷ ᠰᠠᠷ᠎ᠠ ᠶᠢᠨ 11 ᠤ ᠡᠳᠦᠷ᠂ ︽ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠥᠪᠥᠷ ᠮᠣᠩᠭᠤᠯ ᠤᠨ ︽ᠶᠠᠰᠤ | ᠴᠢᠨᠠᠷ ᠤᠨ ᠰᠠᠷ᠎ᠠ︾ ᠶᠢᠨ ᠠᠵᠢᠯᠯᠠᠭ᠎ᠠ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠴᠢ᠊ ᠪᠠᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠲᠤᠰ ᠤᠳᠠᠭ᠎ᠠ ᠶᠢᠨ ᠠᠵᠢᠯᠯᠠᠭ᠎ᠠ ᠪᠠᠷ ᠲᠣᠬᠢᠶᠠᠯ | ᠪᠣᠯᠭᠠᠨ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠬᠥᠲᠥᠯᠪᠦᠷᠢ︾ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠶᠠᠰᠤ ᠴᠢᠨᠠᠷ ᠪᠣᠯᠣᠨ ᠲᠦᠷᠦᠯ | ᠲᠡᠮᠳᠡᠭ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ | ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠶᠠᠰᠤ ᠴᠢᠨᠠᠷ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ ᠲᠤᠰᠢᠶᠠᠯᠲᠠᠨ ᠤ | ᠶᠠᠰᠤ ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠶᠠᠰᠤ ᠴᠢᠨᠠᠷ ᠤᠨ | ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠯᠠᠭ᠎ᠠ ᠶᠢᠨ ᠰᠢᠯᠢᠳᠡᠭ ᠪᠦᠲᠦᠭᠡᠯ ᠢ ᠨᠡᠶᠢᠲᠡᠯᠡᠭᠰᠡᠨ ᠪᠥᠭᠡᠳ ᠥᠪᠥᠷ | ᠮᠣᠩᠭᠤᠯ ᠤᠨ ᠠᠵᠤ ᠠᠬᠤᠶᠢᠯᠠᠯ ᠤᠨ ᠶᠠᠰᠤ ᠴᠢᠨᠠᠷ ᠤᠨ ᠲᠦᠷᠦᠭᠦᠤ ᠲᠤᠰᠢᠶᠠᠯᠲᠠᠨ ᠤ ᠪᠣᠯᠪᠠᠰᠤᠷᠠᠯ ᠤᠨ ᠰᠠᠭᠤᠷᠢᠨ | ᠭᠠᠵᠠᠷ ᠲᠤ ᠫᠠᠶᠢᠰᠠ ᠣᠯᠭᠤᠪᠠ᠃ | |