ᠥᠪᠥᠷ ᠮᠣᠩᠭᠤᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 106 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2023/9/20
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠵᠤ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ︵ᠠᠷᠪᠠᠳᠤᠭᠠᠷ ᠪᠦᠯᠦᠭ︶᠎ ᠶᠢ 106.3182 ᠳ᠋ᠦᠩᠰᠢᠭᠤᠷ ᠲᠥᠭᠦᠷᠢᠭ ᠠᠮᠵᠢᠯᠲᠠ ᠲᠠᠢ ᠲᠠᠷᠬᠠᠭᠠᠪᠠ᠃    ᠡᠭᠦᠨ ᠤ ᠳᠣᠲᠣᠷ᠎ᠠ 10 ᠵᠢᠯ ᠤᠨ ᠬᠤᠭᠤᠴᠠᠭᠠᠲᠤ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢ 45.1682 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠶᠢᠨ ᠨᠤᠷᠮ᠎ᠠ 2.9%᠎ ᠳᠤ ᠬᠥᠷᠪᠡ︔ 10 ᠵᠢᠯ ᠤᠨ ᠬᠤᠭᠤᠴᠠᠭᠠᠲᠤ ᠳᠠᠬᠢᠨ ᠪᠡᠯᠡ ᠲᠣᠬᠢᠷᠠᠭᠤᠯᠬᠤ ᠡᠩ ᠤᠨ ᠵᠢᠭᠡᠯᠡᠯᠭᠡ ᠶᠢᠨ ᠲᠡᠮᠳᠡᠭᠲᠦ ᠶᠢ 51.45 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠶᠢᠨ ᠨᠣᠷᠮ᠎ᠠ 2.9%᠎ ᠳᠤ ᠬᠥᠷᠪᠡ︔ 5 ᠵᠢᠯ ᠤᠨ ᠬᠤᠭᠤᠴᠠᠭᠠᠲᠤ ᠳᠠᠬᠢᠨ ᠪᠡᠯᠡ ᠲᠣᠬᠢᠷᠠᠭᠤᠯᠬᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 9.7 ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠶᠢᠨ ᠨᠣᠷᠮ᠎ᠠ 2.65%᠎ ᠳᠤ ᠬᠥᠷᠪᠡ᠃ ᠳᠠᠭᠠᠭᠠᠨ ᠪᠣᠷᠣᠯᠠᠭᠤᠯᠤᠭᠰᠠᠨ ᠳ᠋ᠦᠩ ᠠᠴᠠ ᠦᠵᠡᠪᠡᠯ᠂ ᠪᠠᠩᠬᠢ ᠶᠢᠨ ᠳᠠᠭᠠᠭᠠᠨ ᠪᠣᠷᠣᠯᠠᠭᠤᠯᠤᠭᠰᠠᠨ ᠵᠢᠭᠡᠯᠡᠯᠭᠡ ᠶᠢᠨ ᠲᠡᠮᠳᠡᠭᠲᠦ 103.9182 ᠳ᠋ᠦᠩᠰᠢᠭᠤᠷ ᠲᠥᠭᠦᠷᠢᠭ ᠲᠤ ᠬᠦᠷᠴᠦ᠂ 97.7%᠎ ᠶᠢ ᠡᠵᠡᠯᠡᠪᠡ︔ ᠲᠡᠮᠳᠡᠭᠲᠦ ᠶᠢᠨ ᠬᠤᠳᠠᠯᠳᠤᠭᠠᠴᠢᠨ 2.4 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠵᠤ᠂ 2.3%᠎ ᠶᠢ ᠡᠵᠡᠯᠡᠪᠡ᠃    ᠲᠣᠰ ᠤᠳᠠᠭ᠎ᠠ ᠲᠠᠷᠬᠠᠭᠠᠭᠰᠠᠨ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠶᠢ ᠦᠷᠭᠦᠯᠵᠢᠯᠡᠨ ᠬᠠᠩᠭᠠᠪᠠ᠃ ᠣᠲᠣ ᠪᠣᠯᠲᠠᠯ᠎ᠠ᠂ ᠮᠠᠨ ᠤ ᠣᠷᠣᠨ ᠡᠨᠡ ᠵᠢᠯ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠨᠡᠶᠢᠲᠡ 976.4 ᠳ᠋ᠦᠩᠰᠢᠭᠤᠷ ᠲᠥᠭᠦᠷᠢᠭ ᠲᠠᠷᠬᠠᠭᠠᠵᠤ᠂ ᠡᠳ᠋ ᠤᠨ ᠵᠠᠰᠠᠭ ᠤᠨ ᠶᠠᠮᠤᠨ ᠠᠴᠠ ᠮᠠᠨ ᠤ ᠣᠷᠣᠨ ᠳᠤ ᠪᠠᠭᠤᠯᠭᠠᠭᠰᠠᠨ 2023 ᠣᠨ ᠤ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠶᠢᠨ 80.6%᠎ ᠶᠢ ᠪᠡᠶᠡᠯᠡᠭᠦᠯᠵᠦ᠂ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢ ᠲᠥᠯᠥᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1