ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ ᠮᠡᠳᠡᠭᠳᠡᠯ ᠪᠠᠭᠤᠯᠭᠠᠵᠤ᠂ ᠠᠺᠠᠳᠧᠮᠢᠴᠢ | ᠮᠡᠷᠭᠡᠵᠢᠯᠲᠡᠨ ᠤ ᠠᠵᠢᠯ ᠤᠨ ᠥᠷᠲᠡᠭᠡ ᠶᠢ 8 ᠳᠠᠩᠰᠠᠯᠠᠨ ᠪᠠᠶᠢᠭᠤᠯᠵᠠᠢ᠃ ᠣᠳᠣᠬᠠᠨ ᠪᠣᠯᠲᠠᠯ᠎ᠠ᠂ ᠮᠠᠨ ᠤ ᠣᠷᠣᠨ | ᠠᠺᠠᠳᠧᠮᠢᠴᠢ ᠮᠡᠷᠭᠡᠵᠢᠯᠲᠡᠨ ᠤ ᠠᠵᠢᠯ ᠤᠨ ᠦᠷᠳᠡᠭᠡ ᠶᠢ 55 ᠪᠠᠶᠢᠭᠤᠯᠤᠭᠠᠳ ᠪᠤᠢ᠃ | ᠲᠣᠰ ᠤᠳᠠᠭᠠᠨ ᠤ ᠳᠠᠩᠰᠠᠯᠠᠨ ᠪᠠᠶᠢᠭᠤᠯᠤᠭᠰᠠᠨ ᠠᠵᠢᠯ ᠤᠨ ᠥᠷᠲᠡᠭᠡ ᠨᠦᠭᠦᠳ ᠪᠣᠯ᠄ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠨᠧᠷᠭᠢ ᠶᠢ ᠶᠡᠭᠡ ᠬᠡᠪᠴᠢᠶ᠎ᠡ ᠪᠠᠷ ᠬᠠᠳᠠᠭᠠᠯᠠᠬᠤ ᠮᠡᠷᠭᠡᠵᠢᠯ ᠤᠨ | ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠣᠳᠣᠯᠣᠯ ᠤᠨ ᠬᠦᠷᠢᠶᠡᠯᠡᠩ ᠤᠨ ᠭᠯᠢᠺᠣᠪᠢᠥᠯᠥᠭᠢ ᠤᠨ ᠢᠨᠵᠧᠨᠧᠷᠢᠩ ᠤᠨ ᠠᠺᠠᠳᠧᠮᠢᠴᠢ | ᠮᠡᠷᠭᠡᠵᠢᠯᠲᠡᠨ ᠤ ᠠᠵᠢᠯ ᠤᠨ ᠥᠷᠲᠡᠭᠡ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ | ᠢᠲᠡᠭᠡᠮᠵᠢᠲᠦ ᠲᠣᠮᠣ ᠳ᠋ᠠᠶᠢᠲ᠋ᠠ ᠬᠢᠭᠡᠳ ᠬᠢᠮᠡᠯ ᠣᠶᠤᠨ ᠤ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ | ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶᠠᠨ᠋ᠣ᠋ᠪᠣᠭ᠎ᠠ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠺᠠᠳᠧᠮᠢᠴᠢ ᠮᠡᠷᠭᠡᠵᠢᠯᠲᠡᠨ ᠤ | ᠠᠵᠢᠯ ᠤᠨ ᠥᠷᠲᠡᠭᠡ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ ᠤᠨ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ᠂ | ᠥᠪᠥᠷ ᠮᠣᠩᠭᠤᠯ ᠤᠨ ᠮᠢᠩ ᠶᠠᠩ ᠪᠸᠢ ᠹᠠᠩ ᠣᠶᠤᠨᠲᠤ ᠡᠨᠧᠷᠭᠢ ᠶᠢ ᠰᠤᠳᠤᠯᠤᠨ ᠨᠡᠭᠡᠭᠡᠬᠦ ᠲᠥᠪ ᠬᠢᠵᠠᠭᠠᠷᠲᠤ | ᠺᠣᠮᠫᠠᠨᠢ ᠶᠢᠨ ᠮᠢᠩ ᠶᠠᠩ ᠪᠸᠢ ᠹᠠᠩ ᠣᠶᠤᠨᠲᠤ ᠡᠨᠧᠷᠭᠢ ᠶᠢ ᠰᠣᠳᠣᠯᠬᠤ ᠬᠦᠷᠢᠶᠡᠯᠡᠩ ᠤᠨ ᠰᠠᠯᠬᠢ ᠭᠡᠷᠡᠯ ᠨᠥᠭᠡᠴᠡ | ᠤᠰᠤᠲᠥ᠋ᠷᠥᠭᠴᠢ ᠰᠤᠳᠤᠯᠤᠨ ᠨᠡᠭᠡᠭᠡᠬᠦ ᠠᠺᠠᠳᠧᠮᠢᠴᠢ ᠶᠢᠨ ᠠᠵᠢᠯ ᠤᠨ ᠥᠷᠲᠡᠭᠡ᠂ ᠳ᠋ᠠ ᠳ᠋ᠢ ᠰᠢᠶᠦ᠋ᠩ ︵ᠪᠤᠭᠤᠲᠤ︶ | ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠷᠢᠭᠦᠨ ᠤ ᠰᠣᠷᠢᠨᠵᠢᠨᠲᠤ | ᠮᠠᠲ᠋ᠧᠷᠢᠶᠠᠯ ᠤᠨ ᠠᠺᠠᠳᠧᠮᠢᠴᠢ ᠶᠢᠨ ᠠᠵᠢᠯ ᠤᠨ ᠥᠷᠲᠡᠭᠡ᠂ ᠥᠪᠥᠷ ᠮᠣᠩᠭᠤᠯ ᠤᠨ ᠡᠦ ᠲᠠᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠣᠷᠳᠣᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠪᠣᠯᠣᠨ᠎ᠠ᠃ | ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠮᠠᠨ ᠤ ᠣᠷᠣᠨ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ︽ᠥᠪᠥᠷ | ᠮᠣᠩᠭᠤᠯ ᠤᠨ ᠬᠡᠷᠡᠭᠴᠡᠭᠡ᠂ ᠪᠡᠭᠡᠵᠢᠩ ᠤᠨ ᠴᠢᠳᠠᠪᠤᠷᠢ︾ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ | ᠣᠨᠣᠴᠠᠲᠠᠢ ᠪᠠᠷ ᠵᠣᠯᠭᠠᠭᠤᠯᠵᠤ᠂ ᠮᠠᠨ ᠤ ᠣᠷᠣᠨ ᠤ ᠬᠠᠮᠢᠶ᠎ᠠ ᠪᠦᠬᠦᠢ ᠨᠢᠭᠡᠴᠢ ᠨᠦᠭᠦᠳ ᠢ ᠵᠣᠬᠢᠶᠠᠨ ᠪᠠᠶᠢᠭᠤᠯᠤᠨ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠵᠡᠷᠭᠡ ᠨᠢᠭᠡᠴᠢ ᠪᠠ ᠭᠠᠵᠠᠷ ᠣᠷᠣᠨ ᠨᠤᠭᠤᠳ ᠲᠠᠢ ᠵᠣᠯᠭᠠᠭᠤᠯᠬᠤ ᠰᠢᠷᠢᠰ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠳᠠᠩᠰᠠᠯᠠᠨ ᠪᠠᠶᠢᠭᠤᠯᠤᠭᠰᠠᠨ 8 ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠲᠡᠭᠡ ᠠᠴᠠ | 5 ᠨᠢ ᠰᠢᠨ᠎ᠡ ᠡᠨᠧᠷᠭᠢ᠂ ᠬᠤᠪᠣᠷ ᠰᠢᠷᠣᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠯᠪᠣᠭᠳᠠᠯ ᠪᠦᠬᠦᠢ ᠠᠺᠠᠳᠧᠮᠢᠴᠢ ᠶᠢᠨ ᠪᠦᠯᠬᠦᠮ ᠲᠠᠢ ᠵᠣᠯᠭᠠᠭᠤᠯᠬᠤ ᠪᠠᠷ ᠳᠠᠮᠵᠢᠨ ᠠᠵᠤ | ᠦᠢᠯᠡᠰ ᠤᠨ ᠬᠥᠭᠵᠢᠯᠲᠡ ᠶᠢᠨ ᠮᠡᠷᠭᠡᠵᠢᠯ ᠤᠨ ᠪᠣᠭᠤᠮᠢ ᠶᠢ ᠬᠠᠮᠲᠤᠷᠠᠨ ᠰᠢᠪᠲᠤᠯᠠᠬᠤ ᠪᠣᠯᠣᠨ᠎ᠠ᠃ | |