9 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠵᠡᠷᠭᠡ ᠲᠠᠪᠤᠨ ᠱᠠᠲᠤᠨ ᠤ 60 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠴᠥᠮ ︽ᠨᠢᠭᠡ ᠰᠦᠯᠵᠢᠶᠡᠨ ᠳᠤ ᠭᠠᠷᠴᠤ᠂ ᠨᠡᠶᠢᠳᠡᠮ ᠭᠦᠢᠴᠡᠳᠭᠡᠵᠦ ᠪᠣᠯᠬᠤ︾ ᠶᠢ ᠪᠡᠶᠡᠯᠡᠭᠦᠯᠦᠭᠡᠳ᠂ ᠪᠥᠬᠦ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ | ᠨᠣᠷᠮ᠎ᠠ 98% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠬᠦ ᠨᠣᠷᠮ᠎ᠠ | 85% ᠶᠢ ᠳᠠᠪᠠᠪᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ | ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ | ᠭᠦᠢᠴᠡᠳᠬᠡᠬᠦ ᠳᠤ ᠪᠥᠭᠯᠡᠷᠡᠯ᠂ ᠬᠦᠴᠢᠷᠳᠡᠯ᠂ ᠡᠮᠵᠡᠭ ᠲᠠᠢ ᠪᠠᠶᠢᠬᠤ ᠠᠰᠠᠭᠤᠳᠠᠯ ᠤᠨ ᠲᠣᠭᠤᠷᠢᠨ ᠳᠤ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 81 ᠵᠦᠢᠯᠡᠰ ᠢ | ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ | ᠰᠦᠢᠳᠬᠡᠯ ᠲᠤᠰᠢᠶᠠᠨ ᠬᠥᠨᠳᠡᠯᠡᠨ ᠤ ᠡᠲᠡᠭᠡᠳ ᠢᠶᠠᠷ ᠭᠠᠷᠭᠠᠭᠤᠯᠬᠤ ᠣᠯᠠᠨ ᠭᠡᠷᠡᠴᠢ ᠮᠠᠲ᠋ᠧᠷᠢᠶᠠᠯ ᠤᠳ ᠢ | ᠴᠣᠮᠬᠠᠳᠬᠠᠪᠠ᠃ ᠢᠯᠠᠩᠭᠤᠶ᠎ᠠ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ 72 ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠵᠤ᠂ 679 | ᠵᠦᠢᠯᠡᠰ ᠢ ᠳᠣᠷᠣᠭᠰᠢ ᠪᠠᠭᠤᠯᠭᠠᠨ᠂ ᠠᠵᠢᠯ ᠶᠠᠪᠤᠳᠠᠯ ᠭᠦᠢᠴᠡᠳᠬᠡᠬᠦ ᠬᠤᠭᠤᠴᠠᠭ᠎ᠠ ᠶᠢ 49.4%᠂ ᠭᠤᠭᠴᠤᠭ᠎ᠠ ᠶᠢ | 20.8%᠂ ᠮᠠᠲ᠋ᠧᠷᠢᠶᠠᠯ ᠢ 26.5% ᠪᠠᠷ ᠪᠠᠭᠠᠰᠬᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠤ | 1114 ᠥᠪᠡᠷᠮᠢᠴᠡ ᠫᠷᠣᠭ᠍ᠷᠠᠮ ᠨᠡᠭᠡᠭᠡᠵᠦ᠂ 2707 ᠲᠤᠰᠬᠠᠢ ᠰᠡᠳᠦᠪᠲᠦ ᠣᠨᠴᠠᠯᠢᠭᠲᠤ ᠦᠢᠯᠡᠴᠢᠯᠡᠭᠡ ᠶᠢ | ᠲᠣᠬᠢᠷᠠᠭᠤᠯᠪᠠ︔ ᠰᠠᠯᠠᠭ᠎ᠠ ᠮᠥᠴᠢᠷ ᠠᠯᠤᠰᠯᠠᠭᠰᠠᠨ ᠨᠡᠩ ᠣᠯᠠᠨ ᠠᠵᠢᠯ ᠶᠠᠪᠤᠳᠠᠯ ᠢ ︽ᠲᠥᠪᠯᠡᠷᠡᠭᠦᠯᠦᠨ | ᠭᠦᠢᠴᠡᠳᠬᠡᠬᠦ︾ ᠪᠣᠯᠭᠠᠵᠤ᠂ ᠪᠥᠬᠦ ᠣᠷᠣᠨ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠭᠦᠢᠴᠡᠳᠬᠡᠬᠦ︾ | ᠴᠣᠩᠬᠤᠪᠴᠢ 1200 ᠭᠠᠷᠤᠢ ᠭᠠᠷᠭᠠᠵᠤ᠂ 115 ᠵᠦᠢᠯ ᠤᠨ ︽ᠨᠢᠭᠡ ᠶᠠᠪᠤᠳᠠᠯ︾ ᠢ ᠦᠨᠳᠦᠰᠦᠨ ᠳᠤ ᠪᠠᠨ | ᠬᠠᠮᠲᠤ ᠳᠤ ᠨᠢ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠪᠡ︔ ︽ᠮᠦᠩᠬᠡ ᠰᠤᠪᠠᠭ︾ ᠰᠢᠯᠵᠢᠮᠡᠯ | ᠴᠢᠮᠡᠭᠡ ᠬᠤᠯᠪᠣᠭᠠᠨ ᠤ ᠬᠡᠷᠡᠭᠯᠡᠭᠦᠷ ᠲᠤ ᠦᠨᠡᠨ ᠨᠡᠷ᠎ᠡ ᠪᠠᠷ ᠢᠶᠠᠨ ᠳᠠᠩᠰᠠᠯᠠᠭᠤᠯᠤᠭᠰᠠᠨ ᠬᠡᠷᠡᠭᠯᠡᠭᠴᠢ 1740 | ᠲᠦᠮᠡ ᠶᠢ ᠳᠠᠪᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠵᠡᠷᠭᠡ ᠫᠷᠣᠭ᠍ᠷᠠᠮ 6300 ᠭᠠᠷᠤᠢ ᠶᠢ ᠨᠡᠭᠡᠭᠡᠵᠦ᠂ ︽ᠪᠠᠭ᠎ᠠ ᠶᠠᠪᠤᠳᠠᠯ ᠢ ᠣᠶᠤᠨᠴᠢ ᠢᠶᠠᠷ ᠭᠦᠢᠴᠡᠳᠬᠡᠬᠦ︾ | ︽ᠲᠥᠷᠥ ᠶᠢᠨ ᠪᠣᠳᠣᠯᠭ᠎ᠠ ᠶᠢᠨ ᠠᠪᠳᠠᠷ᠎ᠠ︾ ︽ᠡᠳᠦᠷ ᠲᠤᠲᠤᠮ ᠤᠨ ᠰᠦᠢᠳᠬᠡᠯ ᠲᠤᠰᠢᠶᠠᠬᠤ︾ ᠵᠡᠷᠭᠡ ᠠᠵᠤ | ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 21 ᠲᠤᠰᠬᠠᠢ ᠪᠤᠯᠤᠩ ᠢ ᠭᠠᠷᠭᠠᠪᠠ | ᠃ ᠡᠭᠦᠨ ᠤ ᠬᠠᠮᠲᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠲᠤᠭ᠎ᠠ ᠪᠠᠷᠢᠮᠲᠠ ᠶᠢᠨ ᠰᠠᠭᠤᠷᠢ ᠶᠢ | ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠣᠷᠣᠨ ᠤ ᠡᠯᠧᠺᠳ᠋ᠷᠣᠨ ᠦᠨᠡᠮᠯᠡᠯ ᠤᠨ ᠲᠤᠭ᠎ᠠ ᠪᠠᠷᠢᠮᠲᠠ ᠶᠢ 640 | ᠲᠥᠷᠥᠯ ᠤᠨ ᠨᠡᠶᠢᠲᠡ 6980 ᠲᠦᠮᠡᠨ ᠵᠤᠷᠪᠤᠰ ᠴᠤᠭᠯᠠᠭᠤᠯᠤᠨ᠂ ᠬᠠᠮᠲᠤ ᠪᠠᠷ ᠡᠳ᠋ᠯᠡᠵᠦ ᠰᠢᠯᠵᠢᠭᠦᠯᠦᠨ | ᠬᠡᠷᠡᠭᠯᠡᠭᠰᠡᠨ ᠬᠡᠮᠵᠢᠶ᠎ᠡ ᠨᠡᠶᠢᠲᠡ 11 ᠳ᠋ᠦᠩᠰᠢᠭᠤᠷ ᠤᠳᠠᠭ᠎ᠠ ᠶᠢ ᠳᠠᠪᠠᠪᠠ︔ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠭ᠎ᠠ ᠪᠠᠷᠢᠮᠲᠠ ᠶᠢ 12.3 ᠳ᠋ᠦᠩᠰᠢᠭᠤᠷ ᠵᠤᠷᠪᠤᠰ ᠴᠤᠭᠯᠠᠭᠤᠯᠵᠤ᠂ ᠡᠨᠡ ᠵᠢᠯ ᠤᠨ 1 ᠳ᠋ᠦ᠋ᠭᠡᠷ | ᠰᠠᠷ᠎ᠠ ᠠᠴᠠ ᠡᠳᠦᠭᠡ ᠭᠥᠷᠳᠡᠯ᠎ᠡ᠂ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 | ᠳ᠋ᠦᠩᠰᠢᠭᠤᠷ ᠤᠳᠠᠭ᠎ᠠ ᠳᠤ ᠬᠦᠷᠴᠡᠢ᠃ | |