ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠭᠰᠡᠨ ᠪᠥᠭᠡᠳ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠣᠷᠴᠢᠨ ᠲᠣᠭᠤᠷᠢᠨ ᠤ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ ᠵᠥᠪᠯᠡᠯ ᠤᠨ ᠡᠷᠭᠢᠯᠡᠭᠴᠢ ᠹᠦ᠋ ᠪᠦᠸᠧ ᠵᠢᠶᠧ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠯᠢᠦ ᠱᠤᠸᠠᠩ᠂ ᠬᠤᠸᠠᠩ ᡁᠢ ᠴᠢᠶᠠᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠰᠦᠨ ᠱᠤᠤ ᠴᠧᠩ᠂ ᠡᠳᠡᠭᠡᠷ ᠵᠢᠯ ᠤᠳ ᠲᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠤᠬᠠᠢ ᠬᠠᠮᠤᠭ ᠤᠨ ᠤᠯᠠᠨ ᠴᠢᠬᠤᠯᠠᠴᠢᠯᠠᠭᠰᠠᠨ ᠵᠦᠢᠯ ᠳᠤ ᠦᠨᠳᠦᠰᠦᠲᠡᠨ ᠤ ᠠᠵᠢᠯ ᠠᠴᠠ ᠭᠠᠳᠠᠨᠠᠬᠢ ᠨᠢ ᠪᠣᠯ ᠳᠠᠷᠤᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ᠎ᠠ᠃ ᠥᠪᠥᠷ ᠮᠣᠩᠭᠤᠯ ᠳᠤ ᠠᠪᠴᠤ ᠬᠡᠯᠡᠪᠡᠯ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠳᠠᠷᠤᠢ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ ᠡᠷᠭᠢᠮᠯᠡᠭᠦ ᠶᠠᠪᠤᠳᠠᠯ ᠪᠠᠶᠢᠵᠤ᠂ ᠬᠤᠪᠢ ᠨᠡᠮᠡᠷᠢ ᠶᠢ ᠡᠷᠬᠢᠮᠯᠡᠵᠦ᠂ ᠬᠤᠪᠢ ᠨᠡᠮᠡᠷᠢ ᠦᠵᠡᠭᠦᠯᠭᠦ ᠶᠠᠪᠤᠳᠠᠯ ᠪᠣᠯᠣᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ ᠡᠷᠬᠡᠪᠰᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢᠨ ︽ᠮᠢᠩᠭᠠᠨ ᠣᠨ ᠤ ᠶᠡᠭᠡ ᠪᠣᠳᠣᠯᠭ᠎ᠠ︾᠎ ᠶᠢ ᠪᠡᠶᠡᠯᠡᠭᠦᠯᠬᠦ ᠥᠨᠳᠥᠷᠴᠡ ᠠᠴᠠ᠂ ᠨᠠᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ  ᠢᠶᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾᠎ ᠢ ᠰᠠᠶᠢᠲᠤᠷ ᠠᠳᠬᠤᠵᠤ᠂ ᠬᠠᠮᠤᠭ ᠤᠨ ᠡᠷᠡᠰ ᠪᠠᠲᠤ ᠣᠪᠣᠷ᠂ ᠬᠠᠮᠤᠭ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠ ᠬᠠᠮᠤᠭ ᠤᠨ ᠬᠦᠴᠦᠲᠡᠢ ᠠᠵᠢᠯᠯᠠᠭ᠎ᠠ ᠪᠠᠷ ᠢᠶᠠᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ᠂ ᠨᠡᠶᠢᠰᠯᠡᠯ ᠤᠨ ᠠᠮᠢ ᠠᠬᠤᠢ ᠶᠢᠨ ᠠᠮᠤᠷ ᠲᠦᠪᠰᠢᠨ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠢ ᠭᠡᠪᠡ᠃    ᠰᠦᠨ ᠱᠤᠤ ᠴᠧᠩ᠂ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠢᠷᠢ ᠵᠡᠷᠭᠡ ᠪᠠᠶᠢᠭᠤᠯᠤᠭᠰᠠᠨ ᠨᠢ᠂ ᠮᠠᠰᠢ ᠶᠡᠭᠡ ᠬᠡᠪᠴᠢᠶᠡᠨ ᠳᠡᠭᠡᠷ᠎ᠡ ᠪᠠᠨ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠷᠢ ᠵᠡᠷᠭᠡ ᠬᠢᠭᠰᠡᠨ ᠢ ᠦᠵᠡᠨ᠎ᠡ᠃ ᠥᠪᠥᠷ ᠮᠣᠩᠭᠤᠯ ᠪᠣᠯ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠲᠠᠶᠢᠨ ᠤ ᠲᠠᠯᠠᠪᠤᠷ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠣᠨ᠎ᠠ᠂ ᠭᠤᠣᠯ ᠲᠠᠶᠢᠨ ᠤ ᠲᠠᠯᠠᠪᠤᠷ ᠪᠣᠯᠤᠭᠰᠠᠨ ᠠᠴᠠ ᠭᠤᠣᠯ ᠳᠠᠭᠠᠷᠢᠯᠲᠠ ᠬᠢᠵᠦ᠂ ᠭᠤᠣᠯ ᠳᠦᠷᠢ ᠦᠵᠡᠭᠦᠯᠵᠦ᠂ ᠭᠤᠣᠯ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠠᠴᠠ ᠭᠤᠣᠯ ᠬᠠᠷᠢᠭᠤᠴᠠᠯᠭ᠎ᠠ ᠡᠭᠦᠷᠭᠡᠯᠡᠵᠦ᠂ ᠭᠤᠣᠯ ᠬᠦᠴᠦᠨ ᠪᠤᠯᠬᠤ ᠬᠡᠷᠡᠭᠲᠡᠢ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠡᠳᠦᠷ ᠪᠦᠷᠢ ᠵᠢᠳᠬᠦᠯ ᠴᠢᠷᠮᠠᠶᠢᠯᠭ᠎ᠠ ᠭᠠᠷᠭᠠᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠠᠬᠢᠭᠤᠯᠵᠤ᠂ ᠡᠯ᠎ᠡ ᠲᠦᠷᠦᠯ ᠤᠨ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠵᠢᠯ ᠪᠦᠷᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ︽ᠬᠤᠣᠰ ᠨᠡᠭᠦᠷᠡᠰᠦᠲᠥ᠋ᠷᠥᠭᠴᠢ︾᠎ ᠶᠢᠨ ᠠᠵᠢᠯ ᠢ ᠢᠳᠡᠪᠬᠢᠲᠡᠢ ᠯᠠᠪᠳᠠᠭᠤᠨ ᠢᠶᠠᠷ ᠰᠠᠶᠢᠲᠤᠷ ᠬᠢᠵᠦ᠂ ᠪᠣᠬᠢᠷᠳᠤᠯ ᠦᠭᠡᠢ ᠠᠭᠤᠷᠬᠠᠢ᠂ ᠪᠣᠬᠢᠷᠳᠤᠯ ᠦᠭᠡᠢ ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠪᠠ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠭᠰᠠᠨ ᠰᠠᠶᠢᠨ ᠰᠠᠶᠢᠬᠠᠨ ᠪᠠᠶᠢᠳᠠᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠤᠨ᠂ ᠨᠤᠲᠤᠭ ᠪᠡᠯᠴᠢᠭᠡᠷ ᠲᠤ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠤᠰᠤ ᠬᠡᠷᠡᠭᠯᠡᠬᠦ ᠨᠢ ᠪᠦᠳᠦᠭᠦᠯᠢᠭ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ᠂ ᠳᠤᠷ᠎ᠠ ᠪᠠᠷ ᠢᠶᠠᠨ ᠲᠡᠭᠦᠵᠦ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠤᠢ ᠮᠣᠳᠣ ᠶᠢ ᠣᠭᠲᠣᠯᠬᠤ᠂ ᠳᠠᠯᠳᠠᠭᠤᠷ ᠭᠠᠳᠠᠭᠰᠢᠯᠠᠭᠤᠯᠵᠤ ᠳᠤᠷ᠎ᠠ ᠪᠠᠷ ᠢᠶᠠᠨ ᠭᠠᠳᠠᠭᠰᠢᠯᠠᠭᠤᠯᠬᠤ ᠵᠡᠷᠭᠡ ᠠᠰᠠᠭᠤᠳᠠᠯ ᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠴᠡᠭᠴᠡᠯᠡᠨ ᠵᠠᠰᠠᠯᠲᠠ ᠳᠤ ᠣᠷᠣᠭᠤᠯᠵᠤ᠂ ᠠᠰᠠᠭᠤᠳᠠᠯ ᠢ ᠲᠦᠢᠯᠪᠤᠷᠢᠲᠠᠢ ᠠᠷᠢᠯᠭᠠᠬᠤ ᠶᠢ ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠰᠢᠰᠲ᠋ᠧᠮ ᠲᠠᠢ ᠰᠤᠳᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠬᠠᠮᠠᠭᠠᠯᠠᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠬᠡᠵᠦ ︽ᠨᠢᠭᠡ ᠵᠢᠷᠤᠭ ᠲᠥᠯᠥᠪᠯᠡᠭᠡ ᠪᠣᠯᠭᠠᠨ ᠪᠦᠷᠢᠯᠳᠦᠭᠦᠯᠵᠦ︾᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢ ᠨᠢᠭᠡᠳᠬᠡᠵᠦ ︽ᠳᠤᠤᠭᠠᠷᠪᠠᠯ ᠳᠠᠭᠤᠨ ᠨᠢᠭᠡᠲᠡᠢ ᠳᠤᠭᠲᠤᠷᠪᠠᠯ ᠬᠦᠴᠦᠨ ᠨᠢᠭᠡᠲᠡᠢ ᠪᠠᠶᠢᠯᠭᠠᠵᠤ︾᠂ ᠬᠠᠮᠵᠢᠯᠴᠠᠨ ᠬᠥᠳᠡᠯᠦᠯᠴᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1