ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ | ᠡᠭᠦᠷ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ | ᠵᠥᠪᠯᠡᠯ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ 5 ᠨᠥᠬᠦᠷ ᠬᠤᠶᠢᠨ᠎ᠠ ᠬᠤᠶᠢᠨ᠎ᠠ ᠠᠴᠠ ᠪᠠᠨ | ᠬᠠᠷᠭᠤᠭᠤᠯᠤᠭᠰᠠᠨ ᠪᠠᠶᠢᠴᠠᠭᠠᠯᠲᠠ ᠶᠢᠨ ᠦᠭᠡ ᠬᠡᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ | ᠸᠠᠩ ᠯᠢ ᠰᠢᠶᠠ᠂ ᠦᠵᠡᠯ ᠰᠠᠨᠠᠭ᠎ᠠ ᠶᠢ ᠰᠤᠷᠤᠯᠴᠠᠬᠤ ᠪᠣᠯ ᠥᠨᠢᠳᠡ ᠶᠢᠨ ᠰᠡᠳᠦᠪ ᠮᠥᠨ᠂ ᠰᠢᠰᠲ᠋ᠧᠮ ᠲᠠᠢ | ᠨᠡᠪᠲᠡᠷᠡᠲᠡᠯ᠎ᠡ ᠰᠤᠷᠤᠯᠴᠠᠵᠤ᠂ ᠪᠦᠭᠦ ᠲᠠᠯ᠎ᠠ ᠳᠤ ᠵᠣᠭᠰᠣᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠵᠤ᠂ ᠦᠵᠡᠯ ᠰᠠᠨᠠᠭᠠᠨ ᠤ ᠨᠡᠭᠡᠯᠡᠭᠡᠢ ᠶᠢ ᠴᠢᠩᠭᠠᠯᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ | ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠬᠡᠷᠡᠭᠲᠡᠢ᠃ ᠨᠠᠮᠴᠢ ᠴᠢᠨᠠᠷ ᠢ ᠴᠢᠩᠭᠠᠳᠬᠠᠬᠤ ᠳᠤ ᠡᠷᠬᠡᠪᠰᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠢᠶᠠᠷ ᠬᠡᠪ ᠳᠠᠭᠤᠷᠢᠶᠠᠯ ᠪᠤᠯᠭᠠᠵᠤ᠂ ᠨᠠᠮ ᠤᠨ ᠭᠡᠰᠢᠭᠦᠨ | ᠡᠷᠬᠡᠪᠰᠢ ᠨᠠᠮ ᠢᠶᠠᠨ ᠬᠠᠶᠢᠷᠠᠯᠠᠬᠤ ᠨᠠᠮ ᠳᠠᠭᠠᠨ ᠵᠢᠳᠬᠦᠬᠦ ᠨᠠᠮ ᠤᠨ ᠲᠥᠯᠥᠭᠡ ᠰᠠᠨᠠᠭᠠᠰᠢᠷᠠᠬᠤ ᠶᠢ ᠢᠮᠠᠭᠲᠠ | ᠪᠠᠷᠢᠮᠲᠠᠯᠠᠵᠤ᠂ ᠭᠤᠮᠣᠳᠠᠯ ᠭᠡᠮᠰᠢᠯ ᠭᠡᠵᠦ ᠦᠭᠡᠢ᠂ ᠭᠤᠶᠠᠴᠢ ᠦᠭᠡᠢ ᠬᠠᠷᠠᠮᠰᠠᠯ ᠦᠭᠡᠢ ᠪᠠᠶᠢᠬᠤ ᠬᠡᠷᠡᠭᠲᠡᠢ᠃ | ᠦᠢᠯᠡᠳᠦᠯᠭᠡ ᠶᠢ ᠴᠢᠬᠤᠯᠠᠴᠢᠯᠠᠬᠤ ᠶᠢᠨ ᠭᠤᠣᠯᠳᠠᠯᠭ᠎ᠠ ᠨᠢ ᠪᠣᠳᠠᠲᠠᠢ ᠠᠵᠢᠯᠯᠠᠬᠤ ᠳᠤ ᠪᠤᠢ᠂ ᠤᠶᠤᠨ ᠴᠢᠳᠠᠯ ᠢᠶᠠᠨ ︽ | ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠦᠢᠯᠡᠳᠦᠯᠭᠡ ᠳᠤ ᠡᠷᠭᠦᠨ ᠵᠢᠳᠬᠦᠵᠦ᠂ ︽ᠰᠢᠨ᠎ᠡ ᠵᠠᠮ ᠢ ᠨᠡᠭᠡᠭᠡᠵᠦ᠂ | ᠳᠤᠮᠳᠠ ᠲᠦᠪᠰᠢᠨ ᠳᠤ ᠣᠷᠣᠬᠤ︾ ᠬᠠᠷᠠᠯᠲᠠ ᠶᠢᠨ ᠲᠣᠭᠤᠷᠢᠨ ᠳᠤ᠂ ᠲᠥᠯᠥᠪᠵᠢᠭᠦᠯᠬᠦ ᠶᠢ ᠴᠢᠬᠤᠯᠠᠴᠢᠯᠠᠵᠤ᠂ | ᠦᠷ᠎ᠡ ᠪᠦᠲᠦᠮᠵᠢ ᠶᠢ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠳ᠋ᠦᠩᠨᠡᠵᠦ ᠰᠢᠷᠭᠠᠭᠠᠨ ᠪᠤᠯᠪᠠᠰᠤᠷᠠᠭᠤᠯᠵᠤ ᠰᠢᠯᠢᠳᠡᠭᠵᠢᠭᠦᠯᠦᠨ | ᠳᠡᠭᠡᠭᠰᠢᠯᠡᠭᠦᠯᠭᠦ ᠳᠡᠭᠡᠷ᠎ᠡ ᠬᠦᠴᠦ ᠣᠷᠣᠭᠤᠯᠵᠤ᠂ ᠮᠦᠷᠳᠡᠨ ᠲᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠵᠦ᠂ ᠨᠠᠷᠢᠨ | ᠬᠢᠨᠠᠮᠠᠭᠠᠢ ᠲᠠᠯᠪᠢᠯ ᠦᠭᠡᠢ ᠮᠦᠷᠳᠡᠨ ᠭᠦᠢᠴᠡᠳᠬᠡᠯᠭᠡᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ | ᠰᠢᠨ᠎ᠡ ᠭᠠᠪᠢᠶ᠎ᠠ ᠪᠠᠶᠢᠭᠤᠯᠬᠤ ᠳᠤ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠵᠤ | ᠂ ᠳᠠᠭᠢᠨ ᠳᠠᠪᠲᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠠᠨᠠᠭᠠᠴᠢᠯᠠᠭᠠᠲᠤ ᠪᠤᠰᠤ ᠪᠠᠶᠢᠭᠰᠠᠨ ᠠᠴᠠ ᠪᠠᠨ | ᠰᠠᠨᠠᠭᠠᠴᠢᠯᠠᠭᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠤᠷᠤᠯᠴᠠᠬᠤ ᠶᠢᠨ ᠳᠠᠭᠠᠤ ᠳᠡᠭᠡᠭᠰᠢᠯᠡᠭᠦᠯᠵᠦ᠂ | ᠵᠣᠬᠢᠶᠠᠯ ᠤᠨ ᠰᠤᠷᠲᠠᠯ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠠᠮᠲᠤ ᠨᠡᠶᠢᠲᠡ ᠶᠢᠨ ᠤᠬᠠᠮᠰᠠᠷ᠂ ᠬᠤᠪᠢ | ᠨᠡᠮᠡᠷᠢ ᠦᠵᠡᠭᠦᠯᠭᠦ ᠵᠣᠷᠢᠭ ᠰᠠᠨᠠᠭ᠎ᠠ ᠶᠢ ᠴᠢᠩᠭᠠᠳᠬᠠᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ ᠬᠤᠷᠳᠤᠴᠠ ᠪᠠᠨ ᠲᠦᠷᠭᠡᠳᠬᠡᠨ | ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠠᠬᠢᠭᠤᠯᠬᠤ ᠬᠡᠷᠡᠭᠲᠡᠢ ᠭᠡᠵᠡᠢ᠃ | |