ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/20
    9 ᠰᠠᠷ᠎ᠠ ᠶᠢᠨ 18᠎ ᠤ ᠡᠳᠦᠷ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠢᠶᠣᠣ ᠴᠢᠩ ᠳ᠋ᠦᠩ᠂ ᠯᠢ ᠽᠥᠩ ᠮᠧᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠶᠢᠨ ᠲᠧᠩ ᠵᠢᠶᠣᠣ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠮᠠᠨ ᠤ ᠲᠣᠭᠤᠷᠢᠭ ᠤᠨ 2023 ᠣᠨ ᠤ ᠠᠵᠤ ᠠᠬᠤᠢ ᠶᠢᠨ ᠠᠵᠢᠯᠯᠠᠭ᠎ᠠ ᠂ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ 2024 ᠣᠨ ᠤ ᠭᠤᠣᠯᠳᠠᠯᠭ᠎ᠠ ᠲᠠᠢ ᠳᠦᠷᠦᠯ ᠵᠦᠢᠯ ᠤᠨ ᠲᠥᠯᠦᠪᠵᠢᠭᠦᠯᠭᠡ ᠂ ᠴᠦᠯᠯᠡᠷᠭᠡᠭᠵᠢᠯ ᠢ ᠵᠠᠰᠠᠬᠤ ᠶᠡᠷᠦᠩᠬᠡᠶᠢᠯᠡᠭᠰᠡᠨ ᠰᠡᠷᠭᠡᠶᠢᠯᠡᠨ ᠵᠠᠰᠠᠯᠲᠠ ᠶᠢ ᠴᠢᠩᠭᠠᠳᠬᠠᠬᠤ ᠪᠠ ︽ ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ︽ᠶᠤᠸᠠᠨ ᠪᠦᠦ ᠱᠠᠨ ᠲᠣᠭᠤᠷᠢᠭ ᠤᠨ ︿ᠴᠢᠳᠠᠪᠤᠷᠢᠲᠠᠨ ᠢ ᠳᠠᠬᠢᠨ ᠪᠤᠶ ᠪᠣᠯᠭᠠᠬᠤ﹀ ᠠᠵᠢᠯ ᠤᠨ ᠬᠡᠷᠡᠭᠵᠢᠭᠦᠯᠬᠦ ᠲᠥᠰᠥᠯ ︵ᠶᠠᠷᠢᠯᠴᠠᠬᠤ ᠨᠣᠣᠷᠠᠭ︶︾᠎ ᠢ ᠬᠢᠨᠠᠨ ᠵᠥᠪᠯᠡᠵᠦ᠂ ᠶᠤᠸᠠᠨ ᠪᠦᠦ ᠱᠠᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠢᠭ᠋ ᠤᠨ ᠲᠥᠷᠥᠯ ᠵᠦᠢᠯ᠂ ᠶᠤᠸᠠᠨ ᠪᠦᠦ ᠱᠠᠨ ᠲᠣᠭᠤᠷᠢᠭ ᠤᠨ ᠬᠤᠭ ᠨᠣᠪᠰᠢ ᠶᠢ ᠪᠠᠭᠠᠰᠬᠠᠬᠤ  ᠥᠷᠲᠡᠭᠡᠨ ᠤ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ 2023 ᠣᠨ ᠤ ᠭᠤᠷᠪᠠᠳᠤᠭᠠᠷ ᠪᠦᠯᠦᠭ ᠤᠨ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠯᠥᠪᠯᠡᠭᠡ ᠵᠢᠴᠢ ᠬᠡᠷᠡᠭᠵᠢᠭᠦᠯᠬᠦ ᠲᠥᠷᠥᠯ ᠵᠦᠢᠯ᠂ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠳᠤᠯᠠᠭᠠᠨ ᠫᠧᠩ ᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠰᠢᠰᠲ᠋ᠧᠮᠵᠢ ᠶᠢᠨ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ ᠰᠢᠶᠠᠩ ᠵᠡᠭᠡᠯᠢ ᠪᠣᠯᠣᠨ ᠲᠦᠷᠦᠯ ᠵᠦᠢᠯ ᠤᠨ ᠭᠤᠣᠯ ᠬᠠᠷᠢᠭᠤᠴᠠᠯᠭ᠎ᠠ ᠶᠢᠨ ᠨᠢᠭᠡᠴᠢ ᠶᠢᠨ ᠬᠢᠨ ᠣᠳᠣᠬᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠴᠢᠩᠭ᠎ᠠ ᠠᠩᠬᠠᠷᠴᠤ ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠬᠦᠷᠴᠦ ᠲᠦᠷᠦᠯ ᠵᠦᠢᠯ ᠢ ᠵᠣᠯᠭᠠᠭᠤᠯᠬᠤ ᠶᠢ ᠱᠠᠯᠠᠪᠳᠠᠭᠤᠯᠵᠤ ᠂ ᠠᠵᠤ ᠠᠬᠤᠶᠢᠯᠠᠯ ᠢ ᠬᠠᠪᠰᠤᠷᠤᠨ ᠳᠠᠯᠳᠠ ᠬᠦᠴᠦᠨ ᠢ ᠠᠭᠤᠳᠠᠯᠵᠤ ᠂ ᠳᠤᠲᠠᠭᠤᠳᠠᠯ ᠢ ᠨᠥᠬᠦᠪᠦᠷᠢᠯᠡᠵᠦ ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠵᠦ ᠂ ᠨᠡᠩ ᠤᠯᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠣᠳᠠᠲᠤ ᠪᠣᠳᠠᠰ ᠤᠨ ᠬᠡᠮᠵᠢᠶ᠎ᠡ ᠶᠢ ᠴᠢᠨᠠᠭᠰᠢᠳᠠ ᠪᠦᠷᠢᠯᠳᠦᠭᠦᠯᠬᠦ ᠬᠡᠷᠡᠭᠲᠡᠢ ︔ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠡᠳᠦᠷ ᠲᠠᠢ ᠤᠶᠠᠯᠳᠤᠭᠤᠯᠵᠤ ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠢᠵᠦ ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ ︔ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠨᠠᠷᠢᠨ ᠬᠢᠨᠠᠮᠠᠭᠠᠢ ᠠᠬᠢᠭᠤᠯᠵᠤ ᠂ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠤᠨ ᠲᠥᠯᠦᠪᠵᠢᠭᠦᠯᠭᠡ ᠶᠢ ᠴᠢᠩᠭᠠᠳᠬᠠᠵᠤ ᠂ ᠰᠢᠨ᠎ᠡ ᠡᠨᠧᠷᠭᠢ ᠂ ᠳᠡᠭᠡᠳᠦ ᠰᠢᠨ᠎ᠡ ᠮᠡᠷᠭᠡᠵᠢᠯ ᠂ ᠣᠶᠤᠨᠴᠢ ᠦᠢᠯᠡᠳᠬᠡᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠣᠭᠤᠷᠢᠨ ᠳᠤ ᠂ ᠡᠨᠧᠷᠭᠢ ᠶᠢᠨ ᠬᠤᠷᠣᠭᠳᠠᠯ ᠂ ᠭᠠᠵᠠᠷ ᠰᠢᠷᠣᠢ ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠨᠡᠩ ᠤᠯᠠᠨ ᠴᠢᠬᠤᠯᠠ ᠶᠡᠭᠡ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠰᠦᠪᠡᠭᠴᠢᠯᠡᠬᠦ ᠬᠡᠷᠡᠭᠲᠡᠢ ︔ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠴᠡᠭ ᠠᠴᠠ ᠴᠡᠭ ᠲᠠᠬᠢ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠪᠥᠬᠦ ᠲᠣᠭᠤᠷᠢᠭ ᠤᠨ ᠠᠵᠤ ᠦᠢᠯᠡᠰ ᠤᠨ ᠵᠢᠷᠤᠭ ᠤᠨ ᠵᠢᠭᠰᠠᠯ ᠶᠣᠰᠣᠭᠠᠷ᠂ ᠭᠤᠣᠯᠯᠠᠬᠤ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ ᠲᠣᠭᠤᠷᠢᠨ ᠳᠤ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠶᠠᠪᠤᠭᠳᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠ ᠲᠠᠷᠠᠭᠠᠴᠢ ᠶᠢᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠢᠷᠢ ᠴᠢᠳᠠᠮᠵᠢ ᠪᠠ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ᠂ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠭᠦᠢᠴᠡᠳᠬᠡᠬᠦ ᠲᠤᠭ᠎ᠠ ᠶᠢ ᠨᠠᠷᠢᠯᠢᠭᠵᠢᠭᠤᠯᠵᠤ ᠂ ᠮᠠᠭᠤᠳᠠᠭᠰᠠᠨ ᠤᠢ ᠮᠣᠳᠣᠨ ᠤ ᠬᠡᠰᠡᠭᠯᠡᠯ ᠢ ᠰᠡᠷᠭᠦᠭᠡᠨ ᠥᠭᠡᠷᠡᠴᠢᠯᠡᠬᠦ ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠵᠤ ᠂ ᠭᠠᠵᠠᠷ ᠰᠢᠷᠣᠢ ᠶᠢᠨ ᠡᠯᠡᠰᠦᠵᠢᠬᠦ ᠬᠠᠨᠳᠤᠰᠢ ᠶᠢ ᠬᠤᠷᠢᠭᠯᠠᠵᠤ ᠂ ᠨᠣᠭᠤᠭᠠᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠵᠠᠰᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠢ ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠨᠢ ᠣᠶ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠷᠠᠭᠤᠯᠵᠤ᠂ ᠲᠣᠭᠤᠷᠢᠨ ᠴᠠᠭᠳᠠᠬᠤ ᠣᠶ ᠰᠢᠭᠤᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠣᠶ ᠰᠢᠭᠤᠢ ᠶᠢᠨ ᠭᠠᠯ ᠤᠨ ᠠᠶᠤᠯ ᠤᠨ ᠳᠠᠯᠳᠠ ᠬᠡᠮ ᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠠᠬᠢᠭᠤᠯᠬᠤ ᠨᠢ ᠤᠯᠠᠨ ᠲᠦᠮᠡᠨ ᠤ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ ᠂ ᠬᠤᠳᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠳᠤ ᠲᠤᠰᠠᠲᠠᠢ ᠪᠥᠭᠡᠳ ᠡᠬᠢ ᠪᠠᠶᠠᠯᠢᠭ ᠤᠨ ᠵᠦᠢ ᠵᠣᠬᠢᠰᠲᠠᠢ ᠠᠰᠢᠭᠯᠠᠯᠲᠠ ᠶᠢ ᠴᠤ ᠴᠢᠩᠭᠠᠳᠬᠠᠵᠤ ᠴᠢᠳᠠᠨ᠎ᠠ ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ ᠂ ᠲᠤᠷᠰᠢᠯᠲᠠ ᠶᠢᠨ ᠠᠵᠢᠯ ᠢ ᠴᠢᠨᠠᠷ ᠰᠠᠶᠢᠲᠠᠢ ᠠᠬᠢᠭᠤᠯᠵᠤ ᠂ ᠲᠤᠷᠰᠢᠯᠭ᠎ᠠ ᠪᠣᠯᠣᠨ ᠮᠡᠷᠭᠡᠵᠢᠯ ᠤᠨ ᠬᠤᠷᠠᠮᠳᠤᠭᠤᠯᠭ᠎ᠠ ᠶᠢ ᠴᠢᠩᠭᠠᠳᠬᠠᠵᠤ ᠂ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠶᠢ ᠲᠦᠷᠭᠡᠳᠬᠡᠨ ᠲᠦᠭᠡᠮᠡᠯᠵᠢᠭᠦᠯᠬᠦ ᠶᠢ ᠪᠠᠲᠤᠯᠠᠬᠤ ᠬᠡᠷᠡᠭᠲᠡᠢ᠃ ᠬᠤᠭ ᠨᠣᠪᠰᠢ ᠶᠢ ᠪᠠᠭᠠᠰᠬᠠᠬᠤ ᠥᠷᠲᠡᠭᠡᠨ ᠤ ᠭᠠᠵᠠᠷ ᠰᠣᠩᠭᠤᠬᠤ ᠶᠢ ᠰᠢᠯᠢᠳᠡᠭᠵᠢᠭᠦᠯᠵᠦ ᠂ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠂ ᠬᠤᠳᠠ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠳᠤᠯᠠᠭᠠᠨ ᠬᠦᠯᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠬᠦ ᠨᠢ ᠦᠢᠯᠡᠳᠪᠦᠷᠢᠯᠡᠯ ᠤᠨ ᠨᠥᠬᠦᠴᠡᠯ ᠢ ᠴᠢᠨᠠᠭᠰᠢᠳᠠ ᠰᠠᠶᠢᠵᠢᠷᠠᠭᠤᠯᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠥᠷᠭᠡᠳᠬᠡᠵᠦ ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ ᠴᠢᠳᠠᠨ᠎ᠠ ᠃ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠳᠤᠯᠠᠭᠠᠨ ᠬᠦᠯᠡᠮᠵᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ ᠂ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1